ᠬᠤᠯᠪᠤᠭ᠎ᠠ ᠪᠠᠷ ᠡᠨᠧᠷᠭᠢ ᠣᠯᠭᠤᠵᠣ ᠤᠰᠤ ᠠᠷᠪᠢᠯᠠᠬᠤ ᠰᠢᠨ᠎ᠡ ᠢᠷᠡᠭᠡᠳᠦᠢ ᠶᠢ ᠤᠶᠤᠨᠴᠢ ᠪᠠᠷ ᠬᠦᠲᠦᠯᠦᠶ᠎ᠡ
ᠨᠡᠶᠢᠲᠡᠯᠡᠭᠰᠡᠨ ᠴᠠᠭ᠄
2025/5/14
     —ᠥᠪᠥᠷ ᠮᠣᠩᠭᠤᠯ ᠤᠨ ᠳ᠋ᠠ ᡁᠢ ᠵᠢᠢ ᠶᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠶᠡᠷᠦᠩᠬᠡᠢ ᠬᠢᠨᠠᠭᠴᠢ ᠴᠧᠨ ᠰᠢᠶᠤᠤ ᠳ᠋ᠦᠩ ᠢ ᠰᠣᠷᠪᠣᠵᠢᠯᠠᠭᠰᠠᠨ ᠨᠢ      5 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠳ᠋ᠠ ᡁᠢ ᠵᠢᠢ ᠶᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠶᠡᠷᠦᠩᠬᠡᠢ ᠬᠢᠨᠠᠭᠴᠢ ᠴᠧᠨ ᠰᠢᠶᠤᠤ ᠳ᠋ᠦᠩ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠤᠰᠤ ᠠᠷᠪᠢᠯᠠᠬᠤ ᠠᠵᠤ ᠦᠢᠯᠡᠰ ᠤᠨ ᠬᠤᠯᠪᠤᠭ᠎ᠠ ᠶᠢ ᠪᠠᠶᠢᠭᠤᠯᠤᠭᠰᠠᠨ ᠨᠢ ᠶᠠᠭ ᠴᠠᠭ ᠲᠠᠭᠠᠨ ᠲᠤᠬᠢᠷᠠᠭᠰᠠᠨ ᠪᠠᠶᠢᠨ᠎ᠠ︕ ᠭᠡᠵᠡᠢ᠃      ᠴᠧᠨ ᠰᠢᠶᠤᠤ ᠳ᠋ᠦᠩ ᠬᠡᠯᠡᠭᠰᠡᠨ ᠨᠢ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠠᠬᠢᠭᠤᠯᠬᠤ ᠪᠣᠯ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠮᠥᠨ᠂ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠷᠪᠢᠴᠢ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ᠃ ᠥᠪᠥᠷ ᠮᠣᠩᠭᠤᠯ ᠤᠨ ᠳ᠋ᠠ ᡁᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠡᠶ᠎ᠡ ᠪᠠᠨ ᠳᠠᠭᠠᠭᠠᠵᠤ ᠰᠣᠳᠣᠯᠣᠨ ᠦᠢᠯᠡᠳᠪᠦᠷᠢᠯᠡᠭᠰᠡᠨ ︽ᠠᠵᠤ ᠦᠢᠯᠡᠳᠪᠦᠷᠢ ᠶᠢᠨ ᠬᠥᠷᠥᠭᠡᠯᠳᠡ ᠰᠤᠪᠤᠷᠭ᠎ᠠ ᠶᠢᠨ ᠰᠢᠨ᠎ᠡ ᠬᠡᠯᠪᠡᠷᠢ ᠶᠢᠨ ᠡᠷᠭᠢᠯᠳᠦᠭᠡ ᠤᠷᠤᠰᠬᠠᠯ ᠤᠨ ᠤᠰᠤ ᠠᠷᠪᠢᠯᠠᠬᠤ ᠲᠣᠨᠤᠭ ᠲᠥᠬᠦᠭᠡᠷᠦᠮᠵᠢ︾ ︽ᠤᠯᠤᠰ ᠤᠨ ᠵᠣᠷᠢᠭᠵᠢᠭᠤᠯᠵᠤ ᠪᠠᠶᠢᠭ᠎ᠠ ᠠᠵᠤ ᠦᠢᠯᠡᠳᠪᠦᠷᠢ ᠶᠢᠨ ᠤᠰᠤ ᠠᠷᠪᠢᠯᠠᠬᠤ ᠣᠷᠠᠨ ᠲᠠᠷᠬᠠᠯᠠᠯ᠂ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠭᠠᠷᠴᠠᠭ ︵2023 ᠣᠨ︶︾ ᠲᠤ ᠰᠣᠩᠭᠤᠭᠳᠠᠵᠤ᠂ ᠬᠤᠯᠪᠣᠭ᠎ᠠ ᠶᠢᠨ ᠪᠠᠶᠢᠭᠤᠯᠤᠭᠳᠠᠭᠰᠠᠨ ᠨᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠳᠤ ᠰᠢᠨ᠎ᠡ ᠪᠠᠶᠢᠷᠢᠰᠢᠯ ᠢ ᠪᠣᠶ ᠪᠣᠯᠭᠠᠪᠠ ᠭᠡᠵᠡᠢ᠃      ᠴᠧᠨ ᠰᠢᠶᠤᠤ ᠳ᠋ᠦᠩ ᠢᠯᠡᠷᠭᠡᠶᠢᠯᠡᠭᠰᠡᠨ ᠨᠢ᠂ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠶᠢᠨ ᠭᠤᠣᠯ ᠦᠷᠳᠡᠭ ᠨᠢ ᠡᠬᠢ ᠪᠠᠶᠠᠯᠢᠭ ᠢ ᠨᠡᠶᠢᠳᠬᠡᠵᠦ᠂ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠳᠤ ᠪᠤᠢ᠃ ᠤᠰᠤ ᠠᠷᠪᠢᠯᠠᠬᠤ ᠮᠡᠷᠭᠡᠵᠢᠯ ᠤᠨ ᠬᠡᠷᠡᠭᠯᠡᠯᠲᠡ ᠶᠢ ᠳᠡᠯᠭᠡᠷᠡᠭᠦᠯᠬᠦ ᠳᠤ ᠦᠷᠭᠦᠯᠵᠢ ᠠᠵᠤ ᠠᠬᠤᠶᠢᠯᠠᠯ ᠤᠨ ᠪᠡᠯᠡ ᠮᠥᠩᠭᠦ ᠶᠢᠨ ᠳᠠᠷᠤᠯᠲᠠ ᠶᠡᠭᠡ᠂ ᠮᠡᠷᠭᠡᠵᠢᠯ ᠤᠨ ᠲᠠᠨᠢᠨ ᠮᠡᠳᠡᠬᠦᠢ ᠬᠦᠷᠦᠯᠴᠡᠬᠦ ᠦᠭᠡᠢ ᠵᠡᠷᠭᠡ ᠬᠦᠴᠢᠷ ᠠᠰᠠᠭᠤᠳᠠᠯ ᠳᠤ ᠲᠤᠯᠭᠠᠷᠠᠵᠤ᠂ ᠬᠤᠯᠪᠣᠭ᠎ᠠ ᠶᠢᠨ ᠪᠠᠶᠢᠭᠤᠯᠤᠭᠳᠠᠭᠰᠠᠨ ᠨᠢ ᠶᠠᠭ ᠡᠳᠡᠭᠡᠷ ᠡᠪᠡᠷᠰᠢᠶᠡᠯ ᠢ ᠰᠢᠢᠳᠪᠦᠷᠢᠯᠡᠵᠦ ᠪᠠᠶᠢᠨ᠎ᠠ᠃ ᠬᠤᠯᠪᠣᠭ᠎ᠠ ᠠᠴᠠ ᠤᠰᠤ ᠠᠷᠪᠢᠯᠠᠬᠤ ᠬᠤᠯᠪᠤᠭᠳᠠᠯ ᠪᠦᠬᠦᠢ ᠲᠥᠬᠦᠭᠡᠷᠦᠮᠵᠢ ᠬᠤᠳᠠᠯᠳᠤᠨ ᠠᠪᠬᠤ᠂ ᠮᠡᠷᠭᠡᠵᠢᠯ ᠢ ᠰᠤᠳᠤᠯᠤᠨ ᠨᠡᠭᠡᠭᠡᠬᠦ ᠪᠠ ᠠᠵᠢᠯᠲᠠᠨ ᠲᠣᠬᠢᠷᠠᠭᠤᠯᠬᠤ ᠶᠢ ᠨᠢᠭᠡᠳᠦᠯᠲᠡᠶ ᠬᠠᠷᠢᠭᠤᠴᠠᠵᠤ᠂ ᠥᠩᠭᠡᠷᠡᠭᠰᠡᠨ ᠤ ᠠᠵᠤ ᠠᠬᠤᠶᠢᠯᠠᠯ ᠲᠤᠰᠠᠭᠠᠷ ᠡᠭᠦᠷᠭᠡᠯᠡᠬᠦ ᠠᠷᠭ᠎ᠠ ᠮᠠᠶ᠋ᠢᠭ ᠢ ᠬᠤᠪᠢᠷᠠᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ ᠴᠢᠳᠠᠬᠤ ᠮᠥᠷᠲᠡᠭᠡᠨ ᠪᠠᠰᠠ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠤᠰᠤ ᠠᠷᠪᠢᠯᠠᠬᠤ ᠠᠵᠤ ᠦᠢᠯᠡᠰ ᠤᠨ ᠰᠢᠨ᠎ᠡ ᠶᠢ ᠡᠭᠦᠳᠬᠦ ᠭᠦᠨᠵᠡᠭᠡᠶ ᠠᠭᠤᠰᠤᠯᠴᠠᠯ ᠢ ᠠᠬᠢᠭᠤᠯᠵᠤ᠂ ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠪᠤᠯᠤᠨ᠎ᠠ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号