—ᠥᠪᠥᠷ ᠮᠣᠩᠭᠤᠯ ᠤᠨ ᠬᠤᠸᠠ ᠳ᠋ᠢᠶᠠᠨ ᠤ ᠤᠳᠠ ᠶᠢᠨ ᠢᠯᠴᠢ ᠶᠢᠨ ᠴᠠᠬᠢᠯᠭᠠᠨ ᠤ ᠬᠢᠵᠠᠭᠠᠷᠲᠤ | ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠫᠠᠩ ᠵᠧᠩ ᠪᠢᠨ ᠢ ᠰᠣᠷᠪᠣᠯᠵᠢᠯᠠᠭᠰᠠᠨ ᠨᠢ | 5 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠬᠤᠸᠠ ᠳ᠋ᠢᠶᠠᠨ ᠤ ᠤᠳᠠ ᠶᠢᠨ ᠢᠯᠴᠢ ᠶᠢᠨ | ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠫᠠᠩ ᠵᠧᠩ ᠪᠢᠨ ᠰᠤᠷᠪᠤᠯᠵᠢᠯᠠᠭᠴᠢ ᠶᠢᠨ | ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ | ᠶᠢᠨ ᠪᠠᠶᠢᠭᠤᠯᠤᠭᠳᠠᠭᠰᠠᠨ ᠨᠢ ᠠᠵᠤ ᠠᠬᠤᠶᠢᠯᠠᠯ ᠤᠨ ᠪᠣᠬᠢᠷᠲᠤᠯ ᠦᠭᠡᠢ ᠬᠥᠭᠵᠢᠯᠲᠡ ᠳᠤ ᠴᠢᠬᠤᠯᠠ ᠲᠠᠪᠴᠠᠩ | ᠬᠠᠩᠭᠠᠵᠤ᠂ 20 ᠵᠢᠯ ᠤᠨ ᠬᠥᠭᠵᠢᠯᠲᠡ ᠶᠢᠨ ᠲᠡᠦᠬᠡ ᠲᠠᠢ ᠶᠡᠭᠡ ᠬᠡᠮᠵᠢᠶᠡᠨ ᠤ ᠤᠰᠤ ᠬᠡᠷᠡᠭᠯᠡᠬᠦ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠪᠢᠳᠡ ᠡᠶᠢᠮᠦ ᠲᠠᠪᠴᠠᠩ ᠢᠶᠠᠷ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ | ᠠᠬᠢᠭᠤᠯᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ ᠬᠡᠵᠡᠢ᠃ | ᠫᠠᠩ ᠵᠧᠩ ᠪᠢᠨ ᠬᠡᠯᠡᠭᠰᠡᠨ ᠨᠢ᠂ ᠥᠪᠥᠷ ᠮᠣᠩᠭᠤᠯ ᠤᠨ ᠬᠤᠸᠠ ᠳ᠋ᠢᠶᠠᠨ ᠤ ᠤᠳᠠ ᠶᠢᠨ ᠢᠯᠴᠢ ᠶᠢᠨ | ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠵᠢᠯ ᠤᠨ ᠤᠰᠤ ᠬᠡᠷᠡᠭᠯᠡᠬᠦ ᠬᠡᠮᠵᠢᠶ᠎ᠡ ᠨᠡᠯᠢᠶᠡᠳ ᠶᠡᠭᠡ᠂ ᠤᠰᠤ ᠠᠷᠪᠢᠯᠠᠬᠤ | ᠳᠠᠯᠳᠠ ᠬᠦᠴᠦᠨ ᠯᠤᠲᠤ ᠶᠡᠭᠡ ᠪᠠᠶᠢᠨ᠎ᠠ᠃ ᠣᠳᠣᠬᠠᠨ ᠳᠤ᠂ ᠠᠵᠤ ᠠᠬᠤᠶᠢᠯᠠᠯ ᠶᠠᠭ ᠤᠯᠤᠰ ᠤᠨ ᠳᠣᠲᠣᠭᠠᠳᠤ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠬᠦᠨᠵᠡᠭᠡᠶᠢᠷᠡᠬᠦᠯᠵᠦ᠂ ᠬᠦᠷᠦᠭᠡᠯᠳᠡ ᠵᠢᠨᠰᠤᠪᠤᠷᠭᠠ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ | ᠲᠥᠷᠥᠯ ᠵᠦᠢᠯ ᠢ ᠥᠷᠨᠢᠭᠦᠯᠵᠦ᠂ ᠠᠩᠬ᠎ᠠ ᠠᠯᠬᠤᠮ ᠤᠨ ᠠᠵᠢᠯᠯᠠᠭᠠᠨ ᠤ ᠲᠤᠭ᠎ᠠ ᠪᠠᠷᠢᠮᠲᠠ ᠠᠴᠠ ᠦᠵᠡᠪᠡᠯ᠂ | ᠵᠢᠱᠢᠯᠲᠡ ᠪᠠᠷ ᠵᠢᠯ ᠤᠨ ᠤᠰᠤ ᠠᠷᠪᠢᠯᠠᠬᠤ ᠨᠣᠷᠮ᠎ᠠ ᠨᠢ 30% ᠬᠦᠷᠴᠦ᠂ ᠣᠳᠣᠬᠠᠨ ᠤ ᠠᠵᠤ ᠦᠢᠯᠡᠳᠪᠦᠷᠢ ᠶᠢᠨ | ᠤᠰᠤ ᠬᠡᠷᠡᠭᠯᠡᠬᠦ ᠦᠨ᠎ᠡ ᠪᠠᠷ ᠪᠤᠳᠤᠪᠠᠯ᠂ ᠵᠢᠯ ᠪᠦᠷᠢ ᠤᠰᠤ ᠬᠡᠷᠡᠭᠯᠡᠬᠦ ᠥᠪᠡᠷ ᠤᠨ ᠥᠷᠲᠡᠭ ᠢ ᠬᠡᠳᠦᠨ ᠵᠠᠭᠤᠨ | ᠲᠦᠮᠡᠨ ᠲᠥᠭᠦᠷᠢᠭ ᠠᠷᠪᠢᠯᠠᠵᠤ ᠪᠣᠯᠤᠨ᠎ᠠ ᠭᠡᠵᠡᠢ᠃ | ᠫᠠᠩ ᠵᠧᠩ ᠪᠢᠨ ᠢᠯᠡᠷᠭᠡᠶᠢᠯᠡᠭᠰᠡᠨ ᠨᠢ᠂ ᠬᠤᠯᠪᠣᠭ᠎ᠠ ᠨᠢ ᠵᠠᠰᠠᠭ ᠤᠨ ᠣᠷᠳᠣᠨ᠂ ᠠᠵᠤ ᠠᠬᠤᠶᠢᠯᠠᠯ᠂ ᠶᠡᠭᠡ | ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠨᠢᠭᠲᠠ ᠬᠤᠯᠪᠣᠵᠤ᠂ | ᠪᠦᠷᠢᠨ ᠪᠦᠲᠦᠨ ᠰᠢᠨ᠎ᠡ ᠶᠢ ᠡᠭᠦᠳᠬᠦ ᠬᠡᠯᠬᠢᠶ᠎ᠡ ᠶᠢ ᠪᠦᠷᠢᠯᠳᠦᠭᠦᠯᠵᠦ᠂ ᠠᠵᠤ ᠠᠬᠤᠶᠢᠯᠠᠯ ᠤᠨ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠲᠠᠪᠴᠠᠩ ᠢᠶᠠᠷ ᠳᠠᠮᠵᠢᠭᠤᠯᠤᠨ᠂ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠮᠡᠷᠭᠡᠵᠢᠯ ᠤᠨ ᠦᠷ᠎ᠡ ᠪᠦᠲᠦᠭᠡᠯ ᠯᠦᠭᠡ ᠲᠦᠷᠭᠡᠨ ᠵᠣᠯᠭᠠᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ | ᠭᠥᠷᠳᠡᠬᠦ ᠶᠢ ᠪᠡᠶᠡᠯᠡᠭᠦᠯᠵᠦ ᠪᠣᠯᠤᠨ᠎ᠠ᠃ ᠢᠷᠡᠭᠡᠳᠦᠶ ᠳᠤ ᠬᠤᠯᠪᠤᠭ᠎ᠠ ᠪᠠᠶᠢᠩᠭᠤᠵᠢᠭᠰᠠᠨ ᠰᠣᠯᠢᠯᠴᠠᠭᠠᠨ ᠤ | ᠲᠣᠭᠲᠠᠴᠠ ᠶᠢ ᠪᠠᠶᠢᠭᠤᠯᠵᠤ᠂ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠪᠠ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠵᠦ᠂ ᠪᠦᠷᠢᠯᠳᠦᠬᠦᠨ ᠤ ᠬᠤᠭᠤᠷᠣᠨᠳᠣᠬᠢ ᠤᠰᠤ | ᠠᠷᠪᠢᠯᠠᠬᠤ ᠮᠡᠷᠭᠡᠵᠢᠯ ᠪᠠ ᠲᠤᠷᠰᠢᠯᠭ᠎ᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠦᠷ᠎ᠡ ᠪᠦᠲᠦᠭᠡᠯ ᠢ ᠬᠤᠪᠢᠷᠠᠭᠤᠯᠬᠤ | ᠲᠣᠭᠲᠠᠴᠠ ᠪᠠᠨ ᠲᠡᠭᠦᠯᠳᠡᠷᠵᠢᠭᠦᠯᠦᠨ᠂ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠴᠦ ᠦᠷ᠎ᠡ ᠪᠦᠲᠦᠭᠡᠯ | ᠢᠶᠠᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ |