ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠵᠢᠴᠢ ᠤᠰᠤ ᠠᠷᠪᠢᠯᠠᠬᠤ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/5/14
     5 ᠰᠠᠷ᠎ᠠ ᠶᠢᠨ 13 ᠤ ᠡᠳᠦᠷ᠂ ᠦᠬᠠᠢ ᠬᠤᠳᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠵᠢᠴᠢ ᠤᠰᠤ ᠠᠷᠪᠢᠯᠠᠬᠤ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠭᠰᠠᠨ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠪᠠᠶᠢᠭᠤᠯᠤᠭᠳᠠᠭᠰᠠᠨ ᠢ ᠬᠠᠷᠠᠭᠤᠯᠪᠡ᠃ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠤᠰᠤ ᠶᠢ ᠠᠷᠪᠢᠯᠠᠵᠤ ᠬᠡᠷᠡᠭᠯᠡᠬᠦ ᠲᠥᠪ᠂ ᠬᠠᠷ᠎ᠠ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠭᠤᠤᠯᠳᠠᠯᠭ᠎ᠠ ᠲᠠᠢ ᠤᠰᠤ ᠬᠡᠷᠡᠭᠯᠡᠬᠦ ᠠᠵᠤ ᠠᠬᠤᠶᠢᠯᠠᠯ᠂ ᠤᠰᠤ ᠠᠷᠪᠢᠯᠠᠬᠤ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠶᠢᠨ 70 ᠭᠠᠷᠤᠶ ᠲᠥᠯᠥᠭᠡᠯᠡᠭᠴᠢ ᠬᠠᠮᠲᠤ ᠪᠠᠷ ᠭᠡᠷᠡᠴᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠲᠤᠬᠠᠶ ᠶᠢᠨ ᠲᠠᠯᠠᠪᠠᠢ ᠳᠤ ︽ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠤᠭ᠎ᠠ ᠶᠢᠨ ᠳᠦᠷᠢᠮ︾ ᠢ ᠪᠠᠲᠤᠯᠠᠭᠰᠠᠨ ᠪᠥᠭᠡᠳ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠬᠠᠮᠲᠤᠷᠠᠯᠴᠠᠭᠠᠨ ᠤ ᠴᠢᠭᠯᠡᠯ ᠪᠣᠯᠤᠨ ᠬᠥᠭᠵᠢᠯᠲᠡ ᠶᠢᠨ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠵᠢᠩᠬᠢᠨᠢ ᠪᠠᠷ ᠲᠦᠷᠭᠡᠨ ᠵᠠᠮ ᠳᠤ ᠣᠷᠣᠪᠠ᠃      ᠣᠶᠢᠯᠠᠭᠠᠭᠰᠠᠨ ᠢᠶᠠᠷ᠂ ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ᠂ ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠨᠢ ᠮᠠᠨ ᠤ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠡᠬᠢ ᠪᠠᠶᠠᠯᠢᠭ ᠢ ᠪᠦᠲᠦᠮᠵᠢᠲᠡᠶ ᠨᠡᠶᠢᠳᠭᠡᠵᠦ᠂ ᠬᠤᠯᠪᠤᠭ᠎ᠠ ᠶᠢᠨ ᠪᠦᠷᠢᠯᠳᠦᠬᠦᠨ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠶᠢᠨ ᠬᠠᠮᠲᠤᠷᠠᠯᠴᠠᠭ᠎ᠠ ᠶᠢ ᠠᠬᠢᠭᠤᠯᠵᠤ᠂ ︽ᠵᠠᠰᠠᠭ ᠤᠨ ᠣᠷᠳᠣᠨ᠂ ᠠᠵᠤ ᠦᠢᠯᠡᠰ᠂ ᠰᠤᠷᠭᠠᠭᠤᠯᠢ᠂ ᠰᠤᠳᠤᠯᠭᠠᠨ᠂ ᠬᠡᠷᠡᠭᠯᠡᠯᠲᠡ︾ ᠶᠢ ᠬᠠᠷᠢᠯᠴᠠᠨ ᠤᠶᠠᠯᠳᠤᠭᠤᠯᠤᠭᠰᠠᠨ᠂ ᠨᠡᠭᠡᠭᠡᠯᠲᠡ ᠲᠠᠢ᠂ ᠬᠠᠮᠵᠢᠯᠴᠠᠭᠰᠠᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠨ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠪᠠ ᠬᠠᠮᠠᠭᠠᠯᠠᠬᠤ ᠶᠢ ᠠᠬᠢᠭᠤᠯᠵᠤ᠂ ᠮᠠᠨ ᠤ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠭᠤᠣᠯᠯᠠᠬᠤ ᠥᠷᠢᠰᠦᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠤᠯᠤᠨ᠎ᠠ᠃      ᠲᠣᠰ ᠬᠤᠯᠪᠣᠭ᠎ᠠ ᠶᠢ ᠪᠠᠶᠢᠭᠤᠯᠤᠭᠰᠠᠨ ᠶᠠᠪᠤᠳᠠᠯ ᠪᠣᠯ ᠮᠠᠨ ᠤ ᠬᠤᠲᠠ ᠶᠢᠨ ︽ᠦᠬᠠᠶ ᠬᠤᠲᠠ ᠶᠢᠨ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2024— 2030 ᠣᠨ︶︾ ︽ᠦᠬᠠᠶ ᠬᠤᠲᠠ ᠶᠢᠨ ᠤᠰᠤ ᠠᠷᠪᠢᠯᠠᠬᠤ ᠠᠵᠢᠯᠯᠠᠭᠠᠨ ᠤ ᠲᠥᠰᠦᠯ ︵2025— 2027 ᠣᠨ︶︾ ᠢ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ ᠪᠤᠯᠵᠤ᠂ ᠭᠠᠵᠠᠷ ᠣᠷᠣᠨ ᠤ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠳᠤ ᠰᠢᠨ᠎ᠡ ᠬᠥᠳᠡᠯᠭᠡᠬᠦ ᠬᠦᠴᠦᠨ ᠬᠠᠩᠭᠠᠬᠤ ᠪᠣᠯᠤᠨ᠎ᠠ᠃ ᠵᠠᠯᠭᠠᠭᠠᠳ᠂ ᠬᠤᠯᠪᠣᠭ᠎ᠠ ᠶᠢᠨ ᠬᠢᠨ ᠮᠡᠷᠭᠡᠵᠢᠯ ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰ ᠢ ᠨᠡᠪᠴᠢᠭᠦᠯᠬᠦ ᠵᠡᠷᠭᠡ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号