ᠵᠧᠦ ᠶᠢᠨ ᠰᠢᠩ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2025/5/15
     5 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠵᠠᠩ ᠮᠢᠩ ᠮᠢᠩ ᠣᠷᠣᠯᠴᠠᠪᠡ᠃      ᠵᠧᠦ ᠶᠢᠨ ᠰᠢᠩ ᠤᠷᠢᠳ ᠬᠤᠵᠢᠳ ᠪᠦᠦ ᠶᠤᠸᠠᠨ ᠲᠠᠷᠢᠶᠠᠯᠠᠩ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠹᠧᠩ ᠾᠧ ᠲᠠᠷᠢᠶᠠᠯᠠᠩ ᠤᠨ ᠬᠦᠭᠵᠢᠬᠦᠯᠦᠯᠳᠡ ᠶᠢᠨ ᠺᠣᠮᠫᠠᠨᠢ᠂ ᠰᠢᠨ ᠱᠤᠸᠠᠩ ᠹᠧᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ᠂ ᠲᠥᠬᠦᠭᠡᠷᠦᠮᠵᠢᠲᠦ ᠵᠢᠮᠢᠰ ᠨᠣᠭᠤᠭ᠎ᠠ ᠲᠠᠷᠢᠬᠤ ᠠᠵᠤ ᠦᠢᠯᠡᠰ ᠢ ᠪᠠᠶᠢᠴᠠᠭᠠᠨ ᠦᠵᠡᠵᠦ᠂ ᠪᠦᠲᠦᠭᠡᠭᠳᠡᠬᠦᠨ ᠤ ᠲᠦᠷᠦᠯ ᠵᠦᠢᠯ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠡᠵᠡᠩᠨᠡᠯᠲᠡ ᠶᠢᠨ ᠦᠷ᠎ᠡ ᠠᠰᠢᠭ ᠵᠢᠴᠢ ᠠᠵᠢᠯ ᠣᠯᠭᠤᠯᠲᠠ ᠶᠢᠨ ᠲᠠᠶᠢᠴᠢᠯᠠᠯᠳᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠃ ᠲᠠᠷᠢᠶᠠᠯᠠᠬᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ ᠳᠠᠭᠠᠵᠤ᠂ ᠥᠪᠡᠷᠮᠢᠴᠡ ᠣᠨᠴᠠᠯᠢᠭ ᠲᠠᠢ ᠳᠠᠪᠠᠭᠤᠯᠢᠭ ᠠᠵᠤ ᠦᠢᠯᠡᠰ ᠢ ᠬᠠᠨᠳᠤᠯᠭᠠᠲᠤ ᠴᠢᠨᠠᠷᠲᠠᠶ ᠪᠠᠷ ᠪᠤᠶᠢᠵᠢᠭᠤᠯᠤᠨ ᠬᠥᠭᠵᠢᠭᠦᠯᠵᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠨᠢᠭᠲᠠ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠳᠠ ᠶᠢᠨ ᠲᠡᠭᠦᠷᠭᠡ ᠶᠢᠨ ᠰᠣᠳᠣᠨ ᠲᠠᠷᠢᠶᠠᠯᠠᠩ ᠢ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠢᠳᠡᠪᠬᠢᠲᠡᠢ ᠣᠷᠣᠭᠤᠯᠤᠨ ᠠᠪᠴᠢᠷᠠᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠣᠯᠤᠨ ᠪᠦᠲᠦᠭᠡᠭᠳᠡᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠪᠣᠬᠢᠷᠲᠤᠯ ᠦᠭᠡᠢ ᠣᠷᠭᠠᠨᠢᠭ ᠲᠦᠷᠦᠯ ᠲᠡᠮᠳᠡᠭ ᠢ ᠡᠭᠦᠳᠴᠦ᠂ ᠲᠤᠰ ᠭᠠᠵᠠᠷ ᠤᠨ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠰᠢ ᠭᠠᠷᠬᠤ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠤ᠂ ᠰᠡᠯᠡᠭᠦᠴᠡᠯ ᠵᠤᠭ᠎ᠠ ᠴᠡᠩᠭᠡᠯ᠂ ᠲᠠᠷᠢᠶᠠᠯᠠᠩ ᠤᠨ ᠵᠢᠮᠢᠰ ᠨᠤᠭᠤᠭ᠎ᠠ ᠲᠡᠭᠦᠬᠦ᠂ ᠢᠳᠡᠭᠡᠨ ᠤᠮᠳᠠᠭᠠᠨ ᠬᠤᠨᠤᠭ ᠪᠠᠭᠤᠳᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠲᠠᠷᠢᠶᠠᠯᠠᠩ ᠤᠨ ᠦᠷᠳᠡᠭ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠲᠠᠷᠢᠶᠠᠯᠠᠩ ᠤᠨ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ᠂ ᠲᠠᠷᠢᠶᠠᠯᠠᠩ ᠤᠨ ᠳᠠᠭᠠᠳᠬᠠᠯ ᠵᠡᠷᠭᠡ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠪᠠᠨ ᠴᠢᠩᠭᠠᠷᠠᠭᠤᠯᠤᠨ᠂ ᠲᠠᠷᠢᠶᠠᠯᠠᠩ ᠪᠠ ᠴᠢᠯᠤᠭᠡᠲᠤ ᠳᠡᠯᠭᠡᠭᠦᠷ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠦᠢᠯᠡᠳᠬᠦᠨ ᠤ ᠪᠣᠷᠣᠯᠠᠭᠤᠯᠭ᠎ᠠ ᠶᠢᠨ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠵᠤ᠂ ᠦᠢᠯᠡᠳᠪᠦᠷᠢᠯᠡᠯ ᠢ ᠨᠢ ᠲᠣᠭᠲᠠᠪᠤᠷᠢᠵᠢᠭᠤᠯᠤᠨ᠂ ᠦᠷ᠎ᠡ ᠠᠰᠢᠭ ᠢ  ᠨᠢ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号