5 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠤᠨᠤᠯ ᠤᠨ | ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 6 ᠳ᠋ᠤᠭᠠᠷ ᠣᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪ ᠢᠶᠠᠷ | ᠰᠤᠷᠤᠯᠴᠠᠨ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠷᠠᠯ ᠳᠤ ᠣᠷᠣᠯᠴᠠᠪᠠ᠃ | ᠵᠧᠤ ᠶᠢᠨ ᠰᠢᠩ ᠬᠡᠯᠡᠭᠰᠡᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ | ᠶᠡᠷᠦᠩᠬᠡᠢ ᠱᠦᠵᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠶᠢᠨ ᠲᠣᠭᠤᠷᠢᠨ ᠳᠤ ᠠᠯᠢ ᠤᠯᠠᠨ ᠴᠢᠬᠤᠯᠠ ᠵᠢᠭᠠᠪᠤᠷᠢ ᠥᠭᠴᠦ᠂ ᠨᠠᠮ ᠤᠨ ᠲᠥᠪ ᠬᠤᠷᠢᠶ᠎ᠠ ᠠᠯᠢ | ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠬᠤ ᠴᠢᠩᠭ᠎ᠠ | ᠲᠤᠬᠢᠶ᠎ᠠ ᠶᠢ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠷᠡᠰ ᠵᠣᠷᠢᠭ ᠢ ᠢᠯᠡᠷᠡᠭᠦᠯᠪᠡ᠃ ᠰᠢ ᠶᠢᠨ | ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠ᠊ ᠲᠣᠣᠱᠯᠠᠭᠤᠯᠵᠤ᠂ ᠢᠮᠠᠭᠲᠠ ᠴᠢᠩᠭ᠎ᠠ ᠱᠠᠭᠠᠷᠳᠠᠯᠭ᠎ᠠ᠂ ᠠᠷᠭ᠎ᠠ ᠬᠡᠮᠵᠢᠶ᠎ᠡ ᠪᠠ | ᠠᠭᠤᠷ ᠠᠮᠢᠰᠬᠤᠯ ᠢ ᠪᠠᠷᠢᠮᠲᠠᠯᠠᠵᠤ᠂ ︽ᠲᠣᠭᠲᠠᠭᠠᠯ ᠤᠳ︾ ᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠴᠢᠩᠭ᠎ᠠ ᠪᠦᠭᠡᠳ ᠪᠣᠳᠠᠲᠠᠢ | ᠠᠳᠬᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠬᠤᠲᠠ ᠶᠢᠨ | ᠤᠳᠤᠷᠢᠳᠤᠯᠭ᠎ᠠ ᠲᠦᠷᠦᠭᠦᠯᠡᠨ ᠪᠣᠳᠠᠲᠠᠶ ᠠᠵᠢᠯᠯᠠᠵᠤ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠷᠬᠡ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ | ᠣᠳᠣᠬᠠᠨ ᠳᠤ ᠰᠠᠶᠢᠵᠢᠷᠠᠭᠤᠯᠬᠤ ᠪᠠ ᠤᠷᠳᠤ ᠬᠤᠭᠤᠴᠠᠭ᠎ᠠ ᠪᠠᠷ ᠪᠠᠷᠢᠮᠳᠠᠯᠠᠬᠤ ᠶᠢ ᠤᠶᠠᠯᠳᠤᠭᠤᠯᠵᠤ᠂ ︽ᠳᠠᠷᠤᠭᠠᠰᠤ | ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠬᠢᠨᠠᠨ | ᠰᠢᠮᠳᠠᠭᠤᠯᠬᠤ︾ ᠶᠢ ᠨᠢᠭᠡ ᠴᠤᠬᠴᠠᠵᠢᠭᠤᠯᠤᠨ ᠠᠬᠢᠭᠤᠯᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠯ᠎ᠡ ᠱᠠᠲᠤᠨ ᠤ ᠺᠠᠳ᠋ᠷᠴᠤᠳ | ᠤᠨ ᠨᠢᠭᠡ ᠯᠡ ᠰᠡᠳᠬᠢᠯ ᠢᠶᠠᠷ ᠪᠣᠳᠣᠯᠬᠢᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠲᠤᠯᠠᠬᠤ ᠬᠡᠷᠡᠭᠲᠡᠢ᠃ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ | ᠪᠤᠢ ᠪᠣᠯᠭᠠᠵᠤ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ | ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠤᠨ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠡᠢ᠃ |