5 ᠰᠠᠷ᠎ᠠ ᠶᠢᠨ 11 ᠤ ᠡᠳᠦᠷ᠂ ᠰᠤᠷᠪᠤᠯᠵᠢᠯᠠᠭᠴᠢ ᠬᠤᠲᠠ ᠶᠢᠨ ᠠᠷᠪᠠᠳᠤᠭᠠᠷ ᠳᠤᠮᠳᠠᠳᠤ ᠰᠤᠷᠭᠠᠭᠤᠯᠢ ᠶᠢᠨ | ᠪᠦᠬᠦᠨ ᠢᠶᠠᠷ ᠢᠶᠠᠨ ᠪᠠᠶᠢᠷᠢ ᠳᠤ ᠰᠠᠭᠤᠬᠤ ᠲᠦᠷᠢᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠲᠤᠬᠠᠶ ᠶᠢᠨ ᠲᠠᠯᠠᠪᠠᠶ ᠳᠤ ᠬᠦᠷᠴᠦ᠂ ᠮᠠᠰᠢᠨ ᠮᠧᠬᠠᠨᠢᠭ ᠤᠨ ᠬᠦᠩᠭᠢᠨᠡᠬᠦ ᠳᠠᠭᠤᠨ ᠠᠳᠡ ᠲᠡᠨᠳᠡ ᠦᠭᠡᠢ | ᠴᠤᠤᠷᠢᠶᠠᠲᠤᠵᠤ᠂ ᠪᠠᠷᠢᠯᠭ᠎ᠠ ᠶᠢᠨ ᠲᠡᠷᠭᠡ ᠨᠠᠰᠢ ᠴᠠᠰᠢ ᠰᠦᠯᠵᠢᠯᠳᠦᠵᠤ᠂ ᠪᠠᠶᠢᠷᠢ ᠶᠢᠨ ᠠᠰᠠᠷ ᠤᠨ ᠳᠣᠲᠣᠷ᠎ᠠ᠂ | ᠠᠵᠢᠯᠴᠢᠳ ᠱᠠᠯᠠ ᠳᠡᠪᠢᠰᠬᠦ᠂ ᠬᠡᠷᠡᠮ ᠥᠩᠭᠡᠯᠡᠬᠦ ᠵᠡᠷᠭᠡ ᠠᠵᠢᠯ ᠢᠶᠠᠨ ᠪᠠᠴᠢᠮ ᠶᠠᠭᠠᠷᠠᠯᠲᠠᠶ ᠪᠥᠭᠡᠳ ᠡᠮᠬᠢ | ᠵᠢᠷᠤᠮ ᠲᠠᠢ ᠪᠠᠷ ᠬᠢᠵᠦ᠂ ᠡᠯ᠎ᠡ ᠠᠵᠢᠯ ᠤᠨ ᠳᠡᠰ ᠳᠠᠷᠠᠭᠠᠯᠠᠯ ᠢᠶᠠᠨ ᠨᠢᠭᠲᠠ ᠵᠣᠯᠭᠠᠯᠳᠤᠭᠤᠯᠵᠤ ᠪᠠᠶᠢᠬᠤ ᠶᠢ ᠤᠯᠵᠤ | ᠬᠠᠷᠠᠪᠠ᠃ | ︽ᠣᠳᠣᠬᠠᠨ ᠳᠤ᠂ ᠪᠣᠶ ᠪᠥᠬᠦᠶ ᠠᠰᠠᠷ ᠤᠨ ᠭᠤᠤᠯ ᠴᠣᠭᠴᠠ ᠶᠢ ᠰᠢᠯᠭᠠᠨ ᠠᠪᠬᠤ ᠠᠵᠢᠯ ᠢ ᠨᠢᠭᠡᠨᠲᠡ | ᠳᠠᠭᠤᠰᠬᠠᠵᠤ᠂ ᠶᠠᠭ ᠬᠡᠷ ᠳᠣᠲᠣᠷᠠᠬᠢ ᠵᠠᠰᠠᠯ ᠴᠢᠮᠡᠭᠯᠡᠯ ᠤᠨ ᠠᠵᠢᠯ ᠢ ᠬᠢᠵᠦ ᠪᠠᠶᠢᠨ᠎ᠠ᠃ ᠡᠭᠦᠨ ᠳᠤ 1᠂ 2 ᠳ᠋ᠤᠭᠠᠷ | ᠨᠣᠮᠧᠷᠲᠤ ᠰᠣᠷᠣᠭᠴᠢ ᠶᠢᠨ ᠪᠠᠶᠢᠷᠢ ᠶᠢᠨ ᠠᠰᠠᠷ ᠢ ᠵᠠᠰᠠᠵᠤ ᠴᠢᠮᠡᠭᠯᠡᠬᠦ ᠨᠢ ᠨᠢᠭᠡᠨᠲᠡ 70% ᠶᠢ ᠪᠡᠶᠡᠯᠡᠭᠦᠯᠵᠦ᠂ | ᠡᠭᠦᠨ ᠠᠴᠠ ᠭᠠᠳᠠᠨ᠎ᠠ᠂ ᠪᠣᠷᠣᠭᠠᠨ ᠤ ᠤᠰᠤ᠂ ᠪᠣᠬᠢᠷ ᠤᠰᠤᠨ ᠤ ᠬᠤᠭᠤᠯᠠᠶ ᠵᠢᠴᠢ ᠬᠤᠯᠪᠤᠭᠳᠠᠯ ᠪᠥᠬᠦᠶ ᠢᠵᠢ | ᠪᠥᠷᠢᠳᠦᠭᠦᠯᠬᠦ ᠲᠥᠬᠦᠭᠡᠷᠦᠮᠵᠢ ᠶᠢ ᠴᠦ ᠱᠠᠯᠠᠪᠳᠠᠨ ᠪᠠᠷᠢᠵᠤ ᠪᠠᠶᠢᠨ᠎ᠠ︾ ᠬᠡᠵᠦ ᠳᠤᠮᠳᠠᠳᠤ ᠤᠯᠤᠰ ᠤᠨ ᠵᠠᠮ | ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠲᠤᠪᠴᠢᠶᠠᠨ ᠤ ᠪᠦᠯᠦᠭᠯᠡᠯᠲᠤ ᠬᠢᠵᠠᠭᠠᠷᠲᠤ | ᠺᠤᠮᠫᠠᠨᠢ ᠶᠢᠨ ᠦᠬᠠᠢ ᠬᠤᠲᠠ ᠶᠢᠨ ᠠᠷᠪᠠᠳᠤᠭᠠᠷ ᠳᠤᠮᠳᠠᠳᠤ ᠰᠤᠷᠭᠠᠭᠤᠯᠢ ᠶᠢᠨ ᠪᠦᠬᠦ ᠪᠠᠶᠢᠷᠢ ᠳᠤ ᠰᠠᠭᠤᠬᠤ | ᠳᠦᠷᠢᠮ ᠤᠨ ᠲᠦᠷᠦᠯ ᠵᠦᠢᠯ ᠤᠨ ᠬᠠᠷᠢᠭᠤᠴᠠᠯᠭᠠᠲᠠᠨ ᠸᠠᠩ ᠴᠤᠤ ᠬᠡᠯᠡᠪᠡ᠃ | ᠮᠠᠨ ᠤ ᠬᠤᠲᠠ ᠶᠢᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠭᠰᠠᠨ ᠤ | ᠬᠤᠪᠢ ᠳᠤ᠂ ᠬᠤᠲᠠ ᠶᠢᠨ ᠠᠷᠪᠠᠳᠤᠭᠠᠷ ᠳᠤᠮᠳᠠᠳᠤ ᠰᠤᠷᠭᠠᠭᠤᠯᠢ ᠶᠢᠨ ᠪᠦᠬᠦᠨ ᠢᠶᠠᠷ ᠢᠶᠠᠨ ᠪᠠᠶᠢᠷᠢ ᠳᠤ ᠰᠠᠭᠤᠬᠤ | ᠲᠦᠷᠢᠮ ᠤᠨ ᠲᠥᠷᠥᠯ ᠵᠦᠢᠯ ᠡᠨᠡ ᠵᠢᠯ ᠠᠵᠢᠯ ᠢᠶᠠᠨ ᠰᠡᠷᠭᠦᠭᠡᠭᠰᠡᠨ ᠠᠴᠠ ᠨᠠᠰᠢ᠂ ᠡᠯ᠎ᠡ ᠵᠦᠢᠯ ᠤᠨ ᠪᠠᠷᠢᠯᠭ᠎ᠠ ᠶᠢᠨ | ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠴᠢᠩᠭ᠎ᠠ | ᠠᠳᠬᠤᠵᠤ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠪᠡ᠃ | ᠲᠤᠰ ᠲᠥᠷᠥᠯ ᠵᠦᠢᠯ ᠢ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ | ᠲᠤᠪᠴᠢᠶᠠᠨ ᠤ ᠪᠦᠯᠦᠭᠯᠡᠯᠲᠤ ᠬᠢᠵᠠᠭᠠᠷᠲᠤ ᠺᠤᠮᠫᠠᠨᠢ ᠳᠠᠭᠠᠭᠠᠴᠢᠯᠠᠨ ᠪᠠᠶᠢᠭᠤᠯᠵᠤ᠂ ᠬᠤᠲᠠ ᠶᠢᠨ ᠠᠷᠪᠠᠳᠤᠭᠠᠷ | ᠳᠤᠮᠳᠠᠳᠤ ᠰᠤᠷᠭᠠᠭᠤᠯᠢ ᠶᠢᠨ ᠲᠣᠭᠤᠷᠢᠭ ᠠᠴᠠ ᠵᠡᠭᠦᠨᠰᠢ ᠪᠠᠷᠤᠭ 500 ᠮᠧᠲᠷ ᠣᠷᠴᠢᠮ ᠪᠠᠶᠢᠷᠢᠯᠠᠵᠤ ᠪᠠᠶᠢᠨ᠎ᠠ᠃ | ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1.79 ᠳ᠋ᠦᠩᠰᠢᠭᠤᠷ ᠲᠥᠭᠦᠷᠢᠭ᠂ ᠡᠵᠡᠯᠡᠬᠦ ᠲᠠᠯᠠᠪᠠᠶ ᠨᠢ | 3.3 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 3.4 ᠲᠦᠮᠡᠨ ᠲᠡᠭᠰᠢ ᠳᠥᠷᠪᠡᠯᠵᠢᠨ | ᠮᠧᠲᠷ᠂ ᠡᠭᠦᠨ ᠳᠤ ᠪᠠᠭᠰᠢ ᠶᠢᠨ ᠨᠡᠶᠢᠲᠡ ᠶᠢᠨ ᠪᠠᠶᠢᠷᠢ ᠶᠢᠨ ᠠᠰᠠᠷ 1᠂ ᠰᠣᠷᠣᠭᠴᠢ ᠶᠢᠨ ᠪᠠᠶᠢᠷᠢ ᠶᠢᠨ ᠠᠰᠠᠷ 3᠂ 1 | ᠬᠤᠭᠤᠯᠠᠨ ᠬᠡᠷ ᠵᠢᠴᠢ ᠲᠡᠭᠦᠨ ᠤ ᠢᠵᠢ ᠪᠥᠷᠢᠳᠦᠭᠰᠡᠨ ᠲᠥᠬᠦᠭᠡᠷᠦᠮᠵᠢ ᠪᠠᠭᠲᠠᠨ᠎ᠠ᠃ | ︽ᠪᠢᠳᠡ ᠪᠠᠷᠢᠯᠭ᠎ᠠ ᠶᠢᠨ ᠠᠮᠤᠷ ᠲᠦᠪᠰᠢᠨ ᠪᠠ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ | ᠪᠠᠷᠢᠯᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠪᠠᠶᠢᠷᠢ ᠪᠠ ᠬᠤᠭᠤᠯᠠᠨ ᠭᠡᠷ ᠢ ᠡᠨᠡ | ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠨ᠎ᠠ︾ ᠭᠡᠵᠦ ᠸᠠᠩ ᠴᠤᠤ ᠬᠡᠯᠡᠪᠡ᠃ |