ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠠᠶᠢᠭᠤᠯᠭ᠎ᠠ ᠶᠢᠨ ᠺᠠᠳ᠋ᠷ ᠠᠵᠢᠯᠲᠠᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠶ | ᠣᠶᠢᠯᠠᠭᠠᠯᠲᠠ ᠪᠠ ᠲᠠᠨᠢᠯᠲᠠ ᠶᠢ ᠨᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 15 ᠤ | ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ | ᠬᠠᠪᠰᠤᠷᠤᠨ ᠵᠢᠯᠣᠭᠤᠳᠬᠤ ᠲᠠᠶᠢᠯᠤᠮᠵᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠠᠵᠢᠯ ᠤᠨ ᠬᠡᠯᠲᠡᠰ ᠤᠨ ᠯᠧᠺᠲ᠋ᠣᠷ ᠯᠢᠦ ᠵᠢᠶᠠᠩ ᠳ᠋ᠦᠩ ᠢ ᠤᠷᠢᠵᠤ | ᠬᠢᠴᠢᠶᠡᠯ ᠣᠷᠣᠭᠤᠯᠪᠠ᠃ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ | ᠨᠢᠭᠡᠴᠡ ᠶᠢᠨ ᠺᠠᠳ᠋ᠷ ᠠᠵᠢᠯᠲᠠᠨ 100 ᠭᠠᠷᠤᠶ ᠬᠥᠮᠦᠨ ᠲᠠᠶᠢᠯᠤᠮᠵᠢ ᠳᠤ ᠣᠷᠣᠯᠴᠠᠪᠠ᠃ | ᠯᠢᠦ ᠵᠢᠶᠠᠩ ᠳ᠋ᠦᠩ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠶᠠᠷᠢᠬᠤ ᠠᠷᠭ᠎ᠠ ᠬᠡᠯᠪᠡᠷᠢ ᠪᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠴᠢᠬᠤᠯᠠ ᠶᠡᠭᠡ | ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠵᠢᠴᠢ ᠠᠵᠢᠯ ᠤᠨ ᠦᠢᠯᠡᠳᠦᠯᠭᠡ ᠶᠢᠨ ᠳᠤᠮᠳᠠ ᠬᠡᠷᠬᠢᠨ | ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠦᠬᠦ ᠲᠠᠯ᠎ᠠ ᠪᠠᠷ ᠭᠦᠨᠵᠡᠭᠡᠢ ᠲᠠᠶᠢᠯᠪᠤᠷᠢᠯᠠᠵᠤ᠂ ᠶᠡᠭᠡ | ᠬᠡᠮᠵᠢᠶᠡᠨ ᠤ ᠠᠮᠢᠳᠤᠯᠢᠭ ᠬᠡᠷᠡᠭ ᠤᠨ ᠵᠢᠱᠢᠶ᠎ᠡ ᠪᠣᠯᠤᠨ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠳᠠᠮᠵᠢᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠯᠤᠰ ᠤᠨ ᠨᠢᠭᠡᠳᠦᠯ ᠢ ᠬᠠᠮᠠᠭᠠᠯᠠᠬᠤ᠂ | ᠦᠨᠳᠦᠰᠦᠲᠡᠨ ᠤ ᠪᠦᠯᠬᠦᠮᠳᠡᠯ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤᠮᠳᠠᠬᠢ ᠴᠢᠬᠤᠯᠠ ᠦᠢᠯᠡᠳᠦᠯ ᠢ | ᠭᠦᠨᠵᠡᠭᠡᠢ ᠵᠠᠳᠠᠯᠵᠤ᠂ ᠲᠤᠬᠠᠢ ᠶᠢᠨ ᠲᠠᠯᠠᠪᠠᠢ ᠳᠤ ᠪᠠᠶᠢᠭ᠎ᠠ ᠺᠠᠳ᠋ᠷ ᠠᠵᠢᠯᠳᠠᠨ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠤᠨ ᠭᠤᠣᠯ ᠡᠭᠦᠷᠭᠡ ᠮᠦᠨ ᠬᠡᠰᠡᠨ ᠢ ᠭᠦᠨᠵᠡᠭᠡᠢ ᠲᠠᠨᠢᠭᠤᠯᠪᠠ᠃ | ︽ᠪᠠᠶᠢᠭᠤᠯᠭ᠎ᠠ ᠶᠢᠨ ᠺᠠᠳ᠋ᠷ ᠠᠵᠢᠯᠲᠠᠨ ᠢ ᠦᠷᠭᠦᠯᠵᠢᠯᠡᠨ ᠬᠥᠲᠥᠯᠥᠨ ᠵᠢᠯᠣᠭᠤᠳᠴᠤ ᠪᠠᠶᠢᠭᠠᠳ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠳᠦᠷ | ᠲᠤᠲᠤᠮ ᠤᠨ ᠠᠵᠢᠯ ᠳᠠᠭᠠᠨ ᠠᠭᠤᠰᠬᠠᠨ ᠣᠷᠣᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ | ᠦᠨᠳᠦᠰᠦᠲᠡᠨ ᠨᠦᠭᠦᠳ ᠤᠨ ᠨᠡᠪᠲᠡᠷᠡᠯᠴᠡᠭᠡ ᠶᠢᠨ ᠬᠥᠭᠦᠷᠭᠡ ᠶᠢ ᠢᠳᠡᠪᠬᠢᠲᠡᠶ ᠪᠠᠶᠢᠭᠤᠯᠵᠤ᠂ ᠰᠣᠯᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠤᠨ᠂ ᠪᠦᠯᠬᠦᠮᠳᠡᠯ ᠤᠨ ᠬᠦᠴᠦᠨ ᠢ ᠨᠢᠭᠲᠠᠷᠠᠭᠤᠯᠵᠤ᠂ ᠪᠥᠬᠦ ᠬᠤᠲᠠ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ | ᠬᠡᠵᠦ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶᠠᠨ ᠤ ᠳᠡᠳ᠋ | ᠱᠦᠵᠢ ᠭᠦᠩ ᠭᠤᠸᠠᠩ ᠵᠢᠶᠧ ᠬᠡᠯᠡᠪᠡ᠃ | ᠲᠣᠰ ᠤᠳᠠᠭᠠᠨ ᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠪᠣᠯ ᠬᠤᠲᠠ ᠶᠢᠨ ᠨᠠᠮ ᠤᠨ | ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠦᠷᠭᠦᠯᠵᠢᠯᠡᠨ ᠣᠯᠠᠨ ᠶᠠᠩᠵᠤ ᠬᠡᠯᠪᠡᠷᠢ ᠶᠢᠨ ᠰᠤᠷᠤᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠤᠯᠤᠰ ᠲᠥᠷᠦ ᠶᠢᠨ ᠬᠡᠪ ᠪᠣᠯᠪᠠᠰᠤᠷᠠᠯ | ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ | ᠬᠥᠭᠵᠢᠯᠲᠡ ᠳᠤ ᠪᠠᠲᠤ ᠪᠠᠬᠢ ᠦᠵᠡᠯ ᠰᠠᠨᠠᠭᠠᠨ ᠤ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠳᠡᠮᠵᠢᠯᠭᠡ | ᠬᠠᠩᠭᠠᠬᠤ ᠪᠤᠯᠤᠨ᠎ᠠ᠃ |