ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ  ᠼᠦᠢ ᠵᠢᠩ ᠶᠢᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/5/16
     5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2025 ᠣᠨ ᠤ 11 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠬᠢ᠂ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠦᠢᠯᠡᠳᠦᠯ ᠢ ᠨᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠨᠢᠭᠡ ᠪᠦᠯᠦᠭ ᠵᠣᠬᠢᠶᠠᠮᠠᠯ ᠣᠶᠤᠨᠴᠢ ᠬᠡᠷᠡᠭᠯᠡᠭᠡᠨ ᠤ ᠠᠬᠤᠢ ᠪᠠᠶᠢᠳᠠᠯ ᠢ ᠲᠦᠷᠭᠡᠨ ᠴᠣᠭᠴᠠᠯᠠᠵᠤ᠂ ᠵᠣᠬᠢᠶᠠᠮᠠᠯ ᠤᠶᠤᠨ ᠴᠢᠳᠠᠪᠤᠷᠢ ᠶᠢᠨ ᠴᠢᠳᠠᠪᠤᠷᠢ ᠣᠯᠭᠤᠬᠤ ᠠᠵᠤ ᠦᠢᠯᠡᠰ ᠤᠨ ᠬᠥᠭᠵᠢᠯᠲᠡ᠂ ᠬᠤᠳᠠ ᠶᠢᠨ ᠬᠥᠭᠵᠢᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠤᠨ ᠲᠦᠷᠢᠮ︾ ᠢ ᠬᠠᠮᠲᠤ ᠪᠠᠷ ᠰᠤᠷᠤᠯᠴᠠᠵᠤ᠂ ︽ᠲᠦᠷᠢᠮ︾ ᠤᠨ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠵᠦ᠂ ᠬᠢᠨᠠᠨ ᠪᠠᠶᠢᠴᠠᠭᠠᠬᠤ ᠳᠤ ᠬᠠᠮᠵᠢᠯᠴᠠᠬᠤ᠂ ᠬᠢᠨᠠᠨ ᠪᠠᠶᠢᠴᠠᠭᠠᠬᠤ ᠶᠢ ᠳᠡᠮᠵᠢᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠨᠡᠨ ᠪᠣᠳᠠᠲᠠᠶ ᠦᠷ᠎ᠡ ᠪᠦᠲᠦᠮᠵᠢ ᠪᠠᠷ ᠮᠠᠨ ᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠨᠠᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠣᠷᠣᠨ ᠤ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠥᠷᠢ ᠰᠢᠷᠢ ᠶᠢ ᠢᠯᠭᠠᠷᠠᠭᠤᠯᠤᠨ ᠳᠢᠭᠯᠡᠬᠦ ᠠᠵᠢᠯ ᠤᠨ ᠪᠠᠶᠢᠷᠢᠯᠠᠭᠤᠯᠤᠯᠳᠠ ᠶᠢᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠷᠢ ᠰᠢᠷᠢ ᠶᠢ ᠢᠯᠭᠠᠷᠠᠭᠤᠯᠤᠨ ᠳᠢᠭᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠥᠷᠢ ᠰᠢᠷᠢ ᠶᠢ ᠢᠯᠭᠠᠷᠠᠭᠤᠯᠤᠨ ᠳᠢᠭᠯᠡᠬᠦ ᠡᠭᠦᠷᠭᠡ ᠶᠢ ᠲᠠᠷᠠᠭᠠᠯᠠᠯ ᠪᠠ ᠠᠬᠢᠴᠠ ᠪᠠᠷ ᠪᠡᠶᠡᠯᠡᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠬᠠᠲᠠᠭᠤ ᠪᠡᠶᠡᠲᠦ ᠴᠠᠭᠢᠯᠭᠠᠨ ᠴᠡᠨᠡᠭ᠂ BDO᠂ ᠨᠡᠭᠦᠷᠡᠰᠦ ᠬᠡᠦᠷᠰᠢᠭᠦᠯᠬᠦ᠂ ᠴᠠᠬᠢᠭᠤᠷ ᠤᠨ ᠰᠠᠭᠤᠷᠢ ᠰᠢᠨ᠎ᠡ ᠮᠠᠲ᠋ᠧᠷᠢᠶᠠᠯ ᠵᠡᠷᠭᠡ 4 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠰ ᠤᠨ ᠬᠡᠯᠬᠢᠶ᠎ᠡ ᠶᠢᠨ ᠤᠬᠠᠮᠰᠠᠷ ᠢ ᠪᠠᠲᠤ ᠪᠤᠢ ᠪᠣᠯᠭᠠᠵᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠ ᠰᠢᠯᠢᠳᠡᠭ ᠢ ᠪᠤᠶᠢᠵᠢᠭᠤᠯᠤᠨ ᠨᠡᠮᠡᠭᠳᠡᠯ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠥᠷᠢᠯᠡᠵᠦ ᠬᠡᠯᠬᠢᠶ᠎ᠡ ᠪᠠᠨ ᠴᠢᠩᠭᠠᠳᠬᠠᠬᠤ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ᠂ ᠦᠷᠳᠡᠭ ᠤᠨ ᠬᠡᠯᠬᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠠᠵᠤ ᠠᠬᠤᠢ ᠶᠢᠨ ᠠᠵᠢᠯᠯᠠᠭᠠᠨ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠤᠨ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ︽ᠦᠬᠠᠢ ᠬᠤᠳᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠪᠡ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号