5 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠬᠤᠯᠪᠤᠭᠠᠲᠤ ᠬᠤᠷᠠᠯ ᠠᠴᠠ | ᠭᠤᠤᠯᠯᠠᠨ ᠡᠷᠭᠢᠯᠡᠵᠦ᠂ ᠦᠬᠠᠶ ᠬᠤᠲᠠ ᠶᠢᠨ ᠵᠡᠮᠳᠡᠭᠴᠦᠳ ᠤᠨ ᠬᠤᠯᠪᠤᠭᠠᠲᠤ ᠬᠤᠷᠠᠯ ᠠᠴᠠ ᠳᠠᠭᠠᠭᠠᠴᠢᠯᠠᠨ | ᠡᠷᠭᠢᠯᠡᠭᠰᠡᠨ ᠭᠤᠴᠢᠨ ᠲᠠᠪᠤᠳᠣᠭᠠᠷ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢᠨ ᠲᠦᠷᠢᠮ︾ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠦᠬᠠᠶ ᠶᠢᠨ ᠰᠠᠭᠠᠳ ᠥᠬᠡᠶ ᠭᠤᠤᠯ | ᠰᠡᠳᠦᠪᠲᠦ ᠴᠡᠴᠡᠷᠯᠢᠭ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠯᠦ ᠶᠢᠩ ᠱᠢ᠂ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭᠠᠲᠤ ᠬᠤᠷᠠᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠲᠦᠩ ᠭᠦᠸᠧ ᠴᠢᠩ᠂ ᠬᠤᠳᠠ ᠶᠢᠨ | ᠤᠳᠤᠷᠢᠳᠤᠯᠭ᠎ᠠ ᠯᠢ ᠠᠩ᠂ ᠸᠠᠩ ᠶᠢᠨ᠂ ᠵᠠᠩ ᠶᠦᠩ᠂ ᠵᠠᠩ ᠬᠤᠩ ᠪᠢᠨ ᠠᠵᠢᠯᠯᠠᠭ᠎ᠠ ᠳᠤ ᠣᠷᠣᠯᠴᠠᠪᠠ᠃ | ᠰᠢᠷᠢᠰ ᠤᠬᠠᠭᠤᠯᠭ᠎ᠠ ᠶᠢᠨ ᠠᠵᠢᠯᠯᠠᠭ᠎ᠠ ᠨᠢ ︽ᠥᠪᠡᠷ ᠢ ᠪᠠᠨ ᠬᠦᠴᠦᠷᠬᠡᠭᠵᠢᠭᠦᠯᠬᠦ ᠪᠠ ᠵᠡᠮᠳᠡᠭᠴᠦᠳ ᠢ | ᠲᠤᠰᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠨᠢᠭᠳᠠᠷᠠᠨ ᠪᠦᠯᠬᠦᠮᠳᠡᠵᠦ ᠡᠷᠡᠯᠬᠡᠭᠯᠡᠨ ᠤᠷᠤᠭᠰᠢᠯᠠᠬᠤ ᠬᠦᠴᠦᠨ ᠢ | ᠨᠢᠭᠲᠠᠷᠠᠭᠤᠯᠤᠶ᠎ᠠ︾ ᠭᠡᠬᠦ ᠪᠠᠷ ᠭᠤᠣᠯ ᠰᠡᠳᠦᠪ ᠪᠣᠯᠭᠠᠵᠤ᠂ ᠤᠯᠠᠨ ᠡᠰᠢᠴᠢᠯᠡᠭᠰᠡᠨ ᠤᠬᠠᠭᠤᠯᠭ᠎ᠠ ᠪᠠ ᠪᠡᠶᠡᠴᠢᠯᠡᠨ | ᠣᠶᠢᠯᠠᠭᠠᠬᠤ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠲᠡᠳᠬᠦᠵᠦ ᠵᠡᠮᠳᠡᠭᠴᠦᠳ ᠢ | ᠲᠤᠰᠠᠯᠠᠬᠤ ᠦᠢᠯᠡᠰ ᠢ ᠠᠩᠬᠠᠷᠴᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠬᠦ ᠶᠢᠨ ᠲᠦᠯᠦᠭᠡ ᠶᠤᠮ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠦᠩ ᠭᠦᠸᠧ ᠴᠢᠩ ᠦᠬᠠᠢ ᠬᠤᠳᠠ ᠶᠢᠨ ᠵᠡᠮᠳᠡᠭᠴᠦᠳ ᠢ | ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠲᠥᠯᠥᠭᠡᠯᠡᠭᠴᠢᠳ ᠲᠤ ᠲᠤᠭ ᠣᠯᠭᠤᠪᠠ᠃ ᠦᠬᠠᠢ | ᠬᠤᠳᠠ ᠶᠢᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠦᠬᠠᠢ ᠬᠤᠳᠠ ᠶᠢᠨ ᠬᠠᠶᠢᠷ᠎ᠠ | ᠬᠠᠯᠠᠮᠵᠢ ᠶᠢᠨ ᠡᠮᠡᠭᠲᠡᠢ ᠠᠵᠤ ᠠᠬᠤᠶᠢᠯᠠᠯᠲᠠᠳ ᠲᠤᠬᠠᠢ ᠶᠢᠨ ᠲᠠᠯᠠᠪᠠᠢ ᠳᠤ ᠬᠠᠨᠳᠢᠪᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠬᠠᠷᠢᠭᠤᠴᠠᠯᠭ᠎ᠠ ᠪᠣᠯᠤᠨ ᠡᠭᠦᠷᠭᠡᠯᠡᠯ ᠢᠶᠠᠨ ᠢᠯᠡᠷᠡᠭᠦᠯᠪᠡ᠃ | ᠠᠵᠢᠯᠯᠠᠭ᠎ᠠ ᠡᠬᠢᠯᠡᠭᠰᠡᠨ ᠤ ᠲᠠᠷᠠᠭ᠎ᠠ᠂ ᠬᠤᠷᠠᠯ ᠳᠤ ᠣᠷᠣᠯᠴᠠᠭᠰᠠᠳ ᠰᠠᠶ᠋ᠢᠬᠠᠨ ᠪᠠᠶᠢᠭᠤᠯᠤᠭᠳᠠᠭᠰᠠᠨ | ᠦᠬᠠᠢ ᠶᠢᠨ ᠰᠠᠭᠠᠳ ᠦᠭᠡᠢ ᠭᠤᠣᠯ ᠰᠡᠳᠦᠪᠲᠦ ᠴᠡᠴᠡᠷᠯᠢᠭ ᠲᠤ ᠬᠦᠷᠴᠦ ᠲᠣᠭᠤᠷᠢᠨ ᠦᠵᠡᠪᠡ᠃ ᠰᠠᠭᠠᠳ ᠦᠭᠡᠢ | ᠵᠤᠭᠠᠴᠠᠨ ᠲᠤᠭᠤᠷᠢᠬᠤ ᠣᠷᠣᠨ ᠳᠤ᠂ ᠨᠠᠯᠠᠤ ᠵᠠᠮ ᠨᠢ ᠲᠡᠭᠰᠢᠬᠡᠨ᠂ ᠲᠦᠰᠢᠬᠦᠷ ᠨᠢ ᠪᠠᠲᠤ ᠪᠠᠬᠢ᠂ ᠰᠣᠬᠤᠷ ᠬᠥᠮᠦᠨ ᠤ | ᠵᠠᠮ ᠢ ᠲᠡᠪᠢᠰᠦᠭᠰᠡᠨ ᠨᠢ ᠵᠢᠷᠤᠮᠵᠢᠯ ᠲᠠᠢ ᠪᠠᠶᠢᠵᠤ᠂ ᠤᠯᠠᠨ ᠢᠶᠠᠷ ᠢᠶᠠᠨ ᠰᠠᠭᠠᠳ ᠦᠭᠡᠢ ᠣᠷᠴᠢᠨ ᠲᠣᠭᠤᠷᠢᠨ ᠤ | ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠢᠭᠤᠳ ᠣᠶᠢᠯᠠᠭᠠᠪᠠ᠃ ᠴᠡᠴᠡᠷᠯᠢᠭ ᠲᠤ᠂ ᠬᠡᠦᠬᠡᠳ ᠤᠨ | ᠰᠡᠳᠬᠢᠯ ᠢᠶᠠᠷ ᠵᠡᠮᠳᠡᠭᠴᠦᠳ ᠢ ᠲᠤᠰᠠᠯᠠᠬᠤ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠲᠦᠷᠦ ᠶᠢᠨ | ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠵᠡᠮᠳᠡᠭᠴᠦᠳ ᠢ ᠲᠤᠰᠠᠯᠠᠬᠤ ᠡᠯᠪᠡᠭ ᠪᠠᠶᠠᠯᠢᠭ ᠠᠵᠢᠯᠯᠠᠭ᠎ᠠ | ᠵᠡᠷᠭᠡᠪᠡᠷ ᠶᠠᠪᠤᠭᠳᠠᠵᠤ᠂ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠠᠶᠢᠨ | ᠰᠠᠶᠢᠬᠠᠨ ᠬᠡᠪ ᠰᠤᠷᠲᠠᠯ ᠢ ᠭᠦᠢᠴᠡᠳ ᠢᠯᠡᠷᠡᠭᠦᠯᠪᠡ᠃ ᠦᠬᠠᠢ ᠬᠤᠳᠠ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ᠂ ᠦᠬᠠᠢ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠣᠯᠤᠨ | ᠬᠠᠶᠢᠷᠤᠪ ᠤᠨ ᠲᠤᠬᠤᠢ ᠲᠣᠭᠤᠷᠢᠭ ᠤᠨ ᠨᠣᠮ ᠤᠨ ᠰᠠᠩ ᠳᠤ᠂ ᠠᠵᠢᠯᠯᠠᠭ᠎ᠠ ᠳᠤ ᠣᠷᠣᠯᠴᠠᠭᠰᠠᠳ ᠰᠠᠭᠠᠳ ᠦᠭᠡᠢ | ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠵᠢᠴᠢ ᠵᠡᠮᠳᠡᠭᠴᠦᠳ ᠤᠨ ᠠᠵᠢᠯ ᠣᠯᠭᠤᠯᠲᠠ ᠶᠢᠨ ᠪᠠᠶᠢᠳᠠᠯ ᠢ | ᠲᠣᠭᠤᠷᠢᠨ ᠦᠵᠡᠭᠰᠡᠨ ᠪᠦᠭᠡᠳ ᠣᠶᠢᠯᠠᠭᠠᠪᠠ᠃ | ᠡᠨᠡ ᠵᠢᠯ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠦᠭᠡᠢ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠬᠡᠷᠡᠭᠵᠢᠭᠦᠯᠦᠭᠰᠡᠨ ᠠᠩᠬᠠᠨ ᠤ ᠵᠢᠯ ᠪᠣᠯᠤᠨ᠎ᠠ᠂ ᠲᠤᠰ | ᠤᠳᠠᠭᠠᠨ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠭᠰᠡᠨ ᠨᠢ ᠪᠦᠬᠦ ᠨᠡᠶᠢᠭᠡᠮ ᠤᠨ ᠬᠠᠮᠲᠤ ᠶᠢᠨ ᠲᠠᠨᠢᠯᠲᠠ | ᠪᠠ ᠬᠦᠴᠦᠨ ᠢ ᠨᠢᠭᠲᠠᠷᠠᠭᠤᠯᠵᠤ᠂ ᠪᠦᠬᠦ ᠣᠷᠣᠨ ᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠶᠤᠮ᠃ | |