ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 7 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/19
     5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 7 ᠳ᠋ᠤᠭᠠᠷ ᠤᠳᠠᠭᠠᠨ ᠤ ᠰᠤᠷᠤᠯᠴᠠᠯᠭ᠎ᠠ  ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ᠂ ᠴᠢᠬᠤᠯᠠ ᠬᠠᠷᠢᠭᠤ ᠵᠠᠬᠢᠳᠠᠯ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠣᠶ᠎ᠠ︾ ᠬᠡᠬᠦ ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠥᠷᠭᠡᠨ ᠤᠯᠠᠨ ᠵᠠᠯᠠᠭᠤᠴᠤᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠨᠢ ᠴᠢᠩᠭᠠᠳᠬᠠᠵᠤ᠂ ᠪᠦᠬᠦ ᠬᠤᠳᠠ ᠶᠢᠨ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠳ ᠤᠨ ᠤᠬᠠᠮᠰᠠᠷ ᠠᠴᠠ ᠪᠠᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠵᠡᠷᠭᠡ ᠭᠤᠣᠯ ᠳᠠᠶᠢᠨ ᠤ ᠲᠠᠯᠠᠪᠤᠷ ᠲᠤ ᠣᠷᠣᠯᠴᠠᠬᠤ ᠶᠢ ᠵᠣᠷᠢᠭᠵᠢᠭᠤᠯᠤᠨ ᠬᠦᠳᠦᠯᠦᠨ ᠵᠢᠯᠣᠭᠤᠳᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠰᠢᠶᠧ ᠢ ᠲᠧ ᠪᠠᠭ᠎ᠠ ᠰᠤᠷᠭᠠᠭᠤᠯᠢ ᠶᠢᠨ ᠬᠢᠯᠢ ᠬᠢᠵᠠᠭᠠᠷ ᠢ ᠰᠠᠬᠢᠵᠤ ᠰᠤᠷᠭᠠᠨ ᠬᠥᠮᠦᠵᠢᠯ ᠢ ᠲᠡᠮᠵᠢᠵᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠭᠡᠰᠢᠭᠦᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠬᠠᠢ ᠳᠤ ᠢᠷᠡᠭᠰᠡᠨ ᠰᠠᠶᠢᠨ ᠳᠤᠷ᠎ᠠ ᠶᠢᠨ ᠠᠵᠢᠯᠯᠠᠭᠴᠢ ᠶᠢ ᠬᠠᠯᠠᠮᠵᠢᠯᠠᠬᠤ ᠪᠠᠨ ᠴᠢᠩᠭᠠᠳᠬᠠᠵᠤ᠂ ᠥᠷᠭᠡᠨ ᠤᠯᠠᠨ ᠵᠠᠯᠠᠭᠤᠴᠤᠳ ᠤᠨ ᠦᠬᠠᠢ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠠᠬᠢᠭᠤᠯᠵᠤ᠂ ᠦᠬᠠᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠪᠣᠯ ᠡᠷᠬᠡᠪᠰᠢ ᠤᠷᠳᠤ ᠬᠤᠭᠤᠴᠠᠭ᠎ᠠ ᠪᠠᠷ ᠪᠠᠲᠤ ᠰᠠᠬᠢᠬᠤ ᠴᠢᠩᠭ᠎ᠠ ᠲᠦᠷᠢᠮ᠂ ᠬᠠᠲᠠᠭᠤ ᠪᠠᠷᠢᠮᠵᠢᠶ᠎ᠠ ᠪᠣᠯᠬᠤ ᠶᠢ ᠭᠦᠨᠵᠡᠭᠡᠢ ᠲᠠᠨᠢᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠤᠯᠤᠰ ᠲᠥᠷᠥ ᠶᠢᠨ ᠦᠨᠡᠨᠴᠢ ᠰᠢᠳᠤᠷᠭᠤ ᠶᠢ ᠰᠢᠯᠭᠠᠬᠤ ᠴᠢᠬᠤᠯᠠ ᠰᠢᠯᠭᠠᠯᠲᠠ ᠪᠣᠯᠭᠠᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠢᠨᠠᠨ ᠵᠢᠯᠣᠭᠤᠳᠴᠤ ᠵᠢᠭᠠᠨ ᠵᠢᠯᠣᠭᠤᠳᠬᠤ ᠶᠢ ᠬᠦᠯᠢᠶᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠡᠯ᠎ᠡ ᠵᠦᠢᠯ ᠤᠨ ︽ᠲᠣᠭᠲᠠᠭᠰᠠᠨ ᠠᠵᠢᠯᠯᠠᠭ᠎ᠠ︾ ᠶᠢ ᠰᠠᠶᠢᠲᠤᠷ ᠬᠢᠵᠦ᠂ ᠰᠤᠷᠤᠯᠴᠠᠯᠭ᠎ᠠ ᠶᠠᠰᠤ ᠴᠢᠨᠠᠷ ᠲᠠᠢ᠂ ᠪᠠᠶᠢᠴᠠᠭᠠᠯᠲᠠ ᠡᠷᠴᠢᠮ ᠲᠠᠢ᠂ ᠵᠠᠰᠠᠯᠳᠠ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠢ ᠴᠢᠩᠭ᠎ᠠ ᠬᠡᠷᠡᠭᠵᠢᠭᠦᠯᠵᠦ᠂ ᠬᠤᠳᠠ ᠶᠢᠨ ᠨᠠᠮ ᠤᠨ ᠬᠤᠷᠢᠶᠠᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ  ᠶᠢᠨ 2025 ᠣᠨ ᠤ ᠭᠤᠣᠯᠳᠠᠯᠭ᠎ᠠ ᠲᠠᠢ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠯᠦᠭᠡ ᠤᠶᠠᠯᠳᠤᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠺᠠᠳ᠋ᠷᠴᠣᠳ ᠢ ᠬᠦᠳᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ︽ᠳᠠᠷᠤᠭᠠᠰᠤ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠬᠢᠨᠠᠨ ᠰᠢᠮᠳᠠᠭᠤᠯᠬᠤ︾ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠦᠨᠳᠦᠰᠦᠨ ᠱᠠᠲᠤᠨ ᠤ ᠺᠠᠳ᠋ᠷᠴᠤᠳ ᠤᠨ ᠨᠡᠩ ᠤᠯᠠᠨ ᠤᠶᠤᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠲᠤᠯᠠᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠡᠬᠡ ᠲᠠᠩᠰᠠ︾ ᠶᠢ ᠬᠢᠨᠠᠨ ᠵᠥᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号