5 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠦᠸᠧ ᠢ ᠵᠢᠶᠧ᠂ ᠵᠠᠩ ᠮᠢᠩ ᠮᠢᠩ | ᠣᠷᠣᠯᠴᠠᠪᠡ᠃ | ᠵᠧᠦ ᠶᠢᠨ ᠰᠢᠩ ᠤᠷᠢᠳ ᠬᠤᠵᠢᠳ ᠥᠪᠥᠷ ᠮᠣᠩᠭᠤᠯ ᠤᠨ ᠰᠦ ᠰᠢ ᠮᠧᠩ ᠢᠳᠡᠭᠡᠨ ᠤ ᠵᠦᠢᠯ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠡᠯᠡᠰᠦᠨ ᠴᠦᠯ ᠤᠨ ᠲᠤᠮᠤᠭ ᠠᠷᠢᠬᠢᠨ ᠤ ᠦᠢᠯᠡᠰ ᠤᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠰᠠᠢ ᠰᠢᠩ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ | ᠸᠠᠩ ᠵᠢᠢ ᠦ᠋ ᠨᠢᠦ ᠢᠳᠡᠭᠡᠨ ᠵᠦᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠬᠦᠨ ᠤ ᠲᠦᠷᠦᠯ ᠵᠦᠢᠯ᠂ | ᠣᠷᠠᠨ ᠲᠠᠷᠬᠠᠯᠠᠯ ᠤᠨ ᠶᠠᠪᠤᠴᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ | ᠲᠡᠷᠡ ᠬᠡᠯᠡᠭᠰᠡᠨ ᠨᠢ᠂ ᠢᠳᠡᠭᠡᠨ ᠪᠤᠯᠪᠠᠰᠣᠷᠠᠭᠤᠯᠬᠤ ᠦᠢᠯᠡᠰ ᠨᠢ ᠬᠤᠲᠠ ᠶᠢᠨ ᠬᠡᠯᠪᠡᠷᠢ ᠶᠢᠨ ᠠᠵᠤ ᠦᠢᠯᠡᠳᠪᠦᠷᠢ | ᠪᠣᠯᠤᠭᠰᠠᠨ ᠤ ᠬᠤᠪᠢ ᠳᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠠᠵᠢᠯ ᠣᠯᠭᠤᠯᠲᠠ ᠶᠢ ᠳᠠᠶᠢᠴᠢᠯᠠᠬᠤ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠳᠤ | ᠨᠡᠯᠢᠶᠡᠳ ᠰᠠᠶᠢᠨ ᠲᠤᠯᠭᠠᠭᠤᠷᠢᠯᠠᠬᠤ ᠦᠢᠯᠡᠳᠦᠯ ᠲᠠᠢ ᠶᠤᠮ᠃ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ | ᠠᠩᠬᠠᠷᠴᠤ᠂ ᠦᠢᠯᠡᠳᠬᠦᠨ ᠤ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠦᠢᠯᠡᠳᠬᠦᠨ ᠤ ᠲᠦᠷᠦᠯ ᠵᠦᠢᠯ | ᠢᠶᠠᠨ ᠪᠠᠶᠠᠯᠢᠭᠵᠢᠭᠤᠯᠵᠤ᠂ ᠦᠢᠯᠡᠳᠬᠦᠨ ᠰᠤᠳᠤᠯᠤᠨ ᠨᠡᠭᠡᠭᠡᠬᠦ᠂ ᠲᠦᠷᠦᠯ ᠲᠡᠮᠳᠡᠭ ᠡᠭᠦᠳᠬᠦ᠂ ᠵᠠᠬ᠎ᠠ ᠳᠡᠯᠭᠡᠭᠦᠷ ᠤᠨ | ᠡᠵᠡᠩᠨᠡᠯᠲᠡ ᠪᠣᠷᠣᠯᠠᠭᠤᠯᠭ᠎ᠠ ᠵᠡᠷᠭᠡ ᠠᠵᠢᠯ ᠢᠶᠠᠨ ᠰᠢᠰᠲ᠋ᠧᠮ ᠲᠠᠢ ᠲᠥᠯᠥᠪᠵᠢᠭᠦᠯᠵᠦ᠂ ᠢᠳᠡᠭᠡᠨ ᠪᠤᠯᠪᠠᠰᠣᠷᠠᠭᠤᠯᠬᠤ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ | ︽ᠠᠮᠢ ᠨᠠᠰᠣᠨ ᠤ ᠱᠤᠭᠤᠮ︾ ᠢ ᠪᠠᠲᠤ ᠰᠠᠬᠢᠵᠤ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠦᠢᠯᠡᠳᠪᠦᠷᠢᠯᠡᠵᠦ | ᠪᠤᠯᠪᠠᠰᠣᠷᠠᠭᠤᠯᠬᠤ᠂ ᠬᠠᠳᠠᠭᠠᠯᠠᠵᠤ ᠲᠡᠭᠡᠭᠡᠪᠦᠷᠢᠯᠡᠬᠦ ᠵᠡᠷᠭᠡ ᠭᠤᠭᠴᠤᠭ᠎ᠠ ᠶᠢ ᠴᠢᠩᠭ᠎ᠠ ᠠᠳᠬᠤᠵᠤ᠂ ᠦᠢᠯᠡᠳᠬᠦᠨ ᠤ | ᠶᠠᠰᠤ ᠴᠢᠨᠠᠷ ᠢ ᠪᠠᠲᠤᠯᠠᠵᠤ᠂ ᠤᠯᠠᠨ ᠲᠦᠮᠡᠨ ᠢ ᠰᠠᠨᠠᠭ᠎ᠠ ᠠᠮᠤᠷ᠂ ᠠᠮᠤᠷ ᠲᠦᠪᠰᠢᠨ ᠢᠳᠡᠭᠦᠯᠬᠦ ᠬᠡᠷᠡᠭᠲᠡᠢ᠃ ᠢᠳᠡᠭᠡᠨ | ᠪᠤᠯᠪᠠᠰᠣᠷᠠᠭᠤᠯᠬᠤ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠣᠰ ᠭᠠᠵᠠᠷ ᠣᠷᠣᠨ ᠤ ᠨᠠᠷᠠᠲᠤ | ᠲᠥᠷᠥᠯ ᠲᠡᠮᠳᠡᠭᠲᠦ ᠶᠢ ᠢᠳᠡᠪᠬᠢᠲᠡᠶ ᠪᠤᠶᠢᠵᠢᠭᠤᠯᠵᠤ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠬᠠᠩᠭᠠᠯᠭ᠎ᠠ ᠪᠠᠨ | ᠴᠢᠩᠭᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠣᠷᠬᠤ ᠲᠠᠪᠴᠠᠩ ᠪᠠᠶᠢᠭᠤᠯᠵᠤ᠂ | ᠪᠣᠷᠣᠯᠠᠭᠤᠯᠭ᠎ᠠ ᠶᠢᠨ ᠵᠠᠮ ᠯᠤᠭ᠎ᠠ ᠵᠣᠯᠭᠠᠭᠤᠯᠤᠨ᠂ ᠵᠠᠬᠢᠶᠠᠯᠠᠭ᠎ᠠ ᠶᠢᠨ ᠬᠠᠭᠤᠳᠠᠰᠤ ᠶᠢ ᠨᠢ ᠥᠷᠭᠡᠳᠬᠡᠵᠦ᠂ ᠠᠵᠤ | ᠠᠬᠤᠶᠢᠯᠠᠯ ᠤᠨ ᠲᠣᠭᠲᠠᠭᠤᠨ ᠡᠵᠡᠩᠨᠡᠬᠦ᠂ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠡᠢ᠃ |