5 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠣᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠪᠣᠯᠤᠨ | ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ | ᠬᠤᠷᠠᠯ ᠤᠨ ᠡᠬᠢᠯᠡᠯᠲᠡ ᠶᠢᠨ ᠶᠣᠰᠣᠯᠠᠯ ᠤᠨ ᠭᠤᠣᠯ ᠵᠤᠷᠢᠯᠳᠠᠳᠤ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠣᠣᠱᠯᠠᠭᠤᠯᠵᠤ᠂ ᠭᠠᠳᠠᠭᠠᠳᠤ ᠨᠡᠬᠡᠬᠡᠯᠳᠡ ᠶᠢᠨ ᠠᠵᠢᠯ ᠤᠨ ᠰᠢᠨ᠎ᠡ ᠪᠠᠶᠢᠳᠠᠯ᠂ ᠰᠢᠨ᠎ᠡ ᠬᠤᠪᠢᠷᠠᠯᠲᠠ ᠶᠢ | ᠨᠠᠷᠢᠨ ᠬᠢᠨᠠᠮᠠᠭᠠᠢ ᠰᠤᠳᠤᠯᠵᠤ᠂ ᠬᠥᠭᠵᠢᠭᠰᠡᠨ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ | ᠲᠤᠯᠢᠳᠠᠵᠤ᠂ ᠡᠷᠬᠢᠨ ᠲᠣᠭᠤᠷᠢᠨ ᠤ ᠠᠶᠢᠮᠠᠭ ᠬᠤᠳᠠ ᠪᠣᠯᠤᠨ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ᠂ | ᠬᠠᠶᠢᠳᠢᠶᠠᠨ ᠲᠣᠭᠤᠷᠢᠭ ᠯᠤᠭ᠎ᠠ ᠨᠡᠩ ᠤᠯᠠᠨ ᠪᠣᠳᠠᠲᠠᠢ ᠬᠠᠮᠲᠤᠷᠠᠯᠴᠠᠭ᠎ᠠ ᠬᠢᠬᠦ ᠶᠢ ᠢᠳᠡᠪᠬᠢᠲᠡᠢ ᠠᠬᠢᠭᠤᠯᠵᠤ᠂ | ᠨᠡᠬᠡᠬᠡᠯᠳᠡ ᠬᠢᠵᠦ ᠬᠠᠮᠲᠤᠷᠠᠯᠴᠠᠬᠤ ᠦᠷ᠎ᠡ ᠪᠦᠲᠦᠭᠡᠯ ᠢᠶᠠᠨ ᠦᠷᠭᠦᠯᠵᠢᠯᠡᠨ ᠥᠷᠭᠡᠳᠬᠡᠵᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ | ᠭᠡᠵᠡᠢ᠃ | ᠬᠤᠷᠠᠯ ᠠᠴᠠ ︽ᠨᠠᠮ ᠵᠠᠰᠠᠭ ᠤᠨ ᠪᠠᠶᠢᠭᠤᠯᠭ᠎ᠠ ᠠᠯᠢ ᠴᠢᠳᠠᠬᠤ ᠪᠠᠷ ᠠᠷᠪᠢᠯᠠᠨ ᠭᠠᠮᠨᠠᠵᠤ ᠪᠦᠷᠢᠯᠭᠡᠨ | ᠰᠦᠢᠳᠭᠡᠬᠦ ᠶᠢ ᠡᠰᠡᠷᠭᠦᠴᠡᠬᠦ ᠲᠦᠷᠢᠮ︾ ᠢ ᠤᠯᠠᠮᠵᠢᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠯᠦᠭᠡ ᠤᠶᠠᠯᠳᠤᠭᠤᠯᠤᠨ᠂ ︽ᠲᠦᠷᠢᠮ︾ ᠢ | ᠰᠤᠷᠤᠯᠴᠠᠨ ᠤᠬᠠᠭᠤᠯᠵᠤ ᠲᠣᠣᠱᠯᠠᠭᠤᠯᠬᠤ ᠶᠢ ᠰᠠᠶᠢᠲᠤᠷ ᠠᠳᠬᠤᠵᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ | ᠪᠠᠲᠤ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠶᠢ ᠡᠯ᠎ᠡ ᠲᠠᠯ᠎ᠠ ᠳᠤ | ᠠᠭᠤᠰᠤᠯᠴᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠠᠷᠢᠨ | ᠪᠢᠴᠢᠭ ᠤᠨ ᠳᠠᠷᠤᠭ᠎ᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠱᠠᠲᠤᠨ ᠤ ᠠᠯᠪᠠᠯᠠᠬᠤ ᠰᠠᠯᠠᠭ᠎ᠠ | ᠮᠥᠴᠢᠷ ᠤᠨ ᠬᠢᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ᠂ ᠵᠥᠪᠯᠡᠬᠦ ᠲᠤᠰᠠᠯᠠᠭᠴᠢ ᠪᠤᠯᠬᠤ᠂ ᠱᠠᠯᠠᠪᠳᠠᠭᠤᠯᠤᠨ ᠪᠠᠶᠢᠴᠠᠭᠠᠬᠤ᠂ ᠦᠢᠯᠡᠴᠢᠯᠡᠭᠡ | ᠪᠠᠲᠤᠯᠠᠭ᠎ᠠ ᠵᠡᠷᠭᠡ ᠡᠭᠦᠷᠭᠡ ᠴᠢᠳᠠᠪᠬᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ︽ᠭᠤᠷᠪᠠ ᠳᠤ ᠦᠢᠯᠡᠴᠢᠯᠡᠬᠦ︾ | ᠡᠯ᠎ᠡ ᠵᠦᠢᠯ ᠤᠨ ᠠᠵᠢᠯ ᠢᠶᠠᠨ ᠨᠢᠭᠲᠠ ᠠᠴᠠ ᠨᠢᠭᠲᠠ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ | ᠲᠦᠷᠢᠮ︾ ᠢ ᠤᠯᠠᠮᠵᠢᠯᠠᠭᠰᠠᠨ ᠪᠥᠭᠡᠳ ᠬᠤᠯᠪᠤᠭᠳᠠᠯ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ | ᠬᠢᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |