ᠪᠦᠬᠦ ᠬᠤᠲᠠ ᠶᠢᠨ 2025 ᠣᠨ ᠤ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2025/5/21
     ᠣᠶᠢᠷ᠎ᠠ ᠳᠤ᠂ ᠪᠥᠬᠦ ᠬᠤᠲᠠ ᠶᠢᠨ 2025 ᠤᠨ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠬᠤᠲᠠ ᠶᠢᠨ ᠠᠷᠠᠳ ᠤᠨ ᠴᠡᠴᠡᠷᠯᠢᠭ ᠲᠤ ᠶᠠᠪᠤᠭᠳᠠᠪᠠ᠃ ᠠᠵᠢᠯᠯᠠᠭ᠎ᠠ ᠶᠢᠨ ᠳᠤᠮᠳᠠ᠂ ᠡᠯ᠎ᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭᠠᠲᠤ ᠨᠢᠭᠡᠴᠡ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠬᠤᠲᠠ ᠶᠢᠨ ᠠᠷᠠᠳ ᠲᠤ ᠢᠷᠭᠡᠨ ᠤ ᠬᠠᠤᠯᠢ ᠶᠢᠨ ᠪᠢᠴᠢᠭ ᠵᠢᠴᠢ ᠡᠯ᠎ᠡ ᠲᠥᠷᠥᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠥᠷᠨᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠬᠠᠷᠢᠯᠴᠠᠨ ᠠᠰᠠᠭᠤᠵᠤ ᠬᠠᠷᠢᠭᠤᠯᠬᠤ ᠭᠤᠭᠴᠤᠭ᠎ᠠ ᠳᠤ ᠬᠤᠲᠠ ᠶᠢᠨ ᠠᠷᠠᠳ ᠢᠳᠡᠪᠬᠢᠲᠡᠶ ᠪᠠᠷ ᠣᠷᠣᠯᠴᠠᠵᠤ᠂ ᠬᠠᠤᠯᠢ ᠴᠠᠭᠠᠵᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠪᠠ᠃ ᠵᠠᠯᠭᠠᠭᠠᠳ᠂ ᠡᠯ᠎ᠡ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠤ ᠨᠢᠭᠡᠴᠡ ᠪᠠᠰᠠ ᠲᠣᠰ ᠲᠣᠰ ᠤᠨ ᠬᠦᠷᠢᠶ᠎ᠡ ᠲᠠᠢ ᠪᠠᠨ ᠤᠶᠠᠯᠳᠤᠭᠤᠯᠤᠨ᠂ ᠢᠷᠭᠡᠨ ᠤ ᠬᠠᠤᠯᠢ ᠶᠢᠨ ᠪᠢᠴᠢᠭ ᠢ ᠠᠵᠤ ᠠᠬᠤᠶᠢᠯᠠᠯ᠂ ᠪᠠᠶᠢᠭᠤᠯᠭ᠎ᠠ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠬᠠᠤᠯᠢᠵᠢᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号