5 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ | ᠤᠨᠲ᠋ᠦ᠋ᠷᠢᠮᠵᠢᠯᠳᠡ ᠬᠠᠤᠯᠢᠵᠢᠯᠳᠠ ᠵᠢᠩᠬᠢᠨᠢᠴᠢᠯᠠᠯᠳᠠ ᠶᠢᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ | ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠸᠠᠩ ᠶᠦᠨ ᠾᠧᠩ | ᠣᠷᠣᠯᠴᠠᠪᠡ᠃ | | | | | ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠪᠠᠶᠢᠭᠤᠯᠭ᠎ᠠ ᠳᠤ᠂ ᠵᠧᠦ ᠶᠢᠨ ᠰᠢᠩ ᠬᠤᠯᠪᠣᠭᠳᠠᠯ ᠪᠦᠬᠦᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠢ | ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠳᠤ ᠠᠷᠠᠳ ᠤᠯᠠᠨ ᠤ ᠠᠩᠬᠠᠷᠣᠯ ᠢ ᠳᠡᠭᠡᠳᠦ ᠬᠡᠮᠵᠢᠶ᠎ᠡ ᠪᠠᠷ | ᠲᠠᠳᠠᠵᠦ᠂ ᠨᠠᠮ ᠤᠨ ᠲᠦᠷᠦ ᠪᠠᠷᠢᠬᠤ ᠰᠠᠭᠤᠷᠢ ᠲᠠᠢ ᠬᠤᠯᠪᠣᠭᠳᠠᠨ᠎ᠠ᠃ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠲᠤᠪᠤᠶᠢᠮ᠎ᠠ ᠠᠰᠠᠭᠤᠳᠠᠯ ᠪᠣᠯᠤᠨ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠡᠳᠦᠷ ᠲᠤᠳᠤᠮ ᠤᠨ | ᠬᠢᠨᠠᠯᠲᠠ ᠪᠠᠨ ᠭᠦᠨᠵᠡᠭᠡᠢ ᠪᠣᠳᠠᠲᠠᠢ ᠨᠠᠷᠢᠯᠢᠭ ᠬᠢᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ | ᠵᠠᠯᠠᠷᠠᠭᠤᠯᠤᠨ ᠵᠠᠰᠠᠵᠤ᠂ ︽ᠢᠯᠠᠭ᠎ᠠ ᠱᠠᠮᠵᠢᠵᠤ ᠰᠢᠷᠭᠤᠯᠵᠢ ᠢᠯᠵᠠᠷᠠᠬᠤ︾ ᠶᠢ ᠡᠷᠡᠰ ᠵᠠᠯᠬᠠᠭᠠᠨ ᠰᠢᠳᠬᠡᠵᠦ᠂ ᠺᠠᠳ᠋ᠷ | ᠤᠯᠠᠨ ᠲᠦᠮᠡᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯᠯᠠᠭ᠎ᠠ ᠪᠡᠶ᠎ᠡ ᠶᠢᠨ ᠳᠡᠷᠭᠡᠳᠡ ᠪᠠᠶᠢᠬᠤ ᠶᠢ ᠦᠨᠡᠨ | ᠬᠦ ᠮᠡᠳᠡᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ︽ᠲᠦᠷᠢᠮᠵᠢᠯᠳᠡ | ᠬᠠᠤᠯᠢᠵᠢᠯᠠᠯᠳᠠ ᠵᠢᠩᠬᠢᠨᠢᠴᠢᠯᠠᠯᠳᠠ︾ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ | ᠪᠠᠨ ᠳᠡᠭᠡᠭᠰᠢᠯᠡᠭᠦᠯᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠳᠠᠪᠲᠠᠨ | ᠪᠣᠯᠪᠠᠰᠤᠷᠠᠭᠤᠯᠬᠤ ᠬᠡᠷᠡᠭᠲᠡᠢ ᠭᠡᠵᠡᠢ᠃ | ᠪᠢᠨ ᠾᠧ ᠪᠠᠭ᠎ᠠ ᠰᠤᠷᠭᠠᠭᠤᠯᠢ ᠶᠢᠨ ᠪᠦᠯᠬᠦᠮᠳᠡᠯ ᠰᠤᠷᠭᠠᠭᠤᠯᠢ ᠶᠢᠨ ᠲᠣᠭᠤᠷᠢᠭ᠂ ᠴᠡᠭᠡᠯ ᠠᠭᠤᠯᠠ | ᠪᠠᠯᠭᠠᠰᠤᠨ ᠤ ᠪᠦᠯᠬᠦᠮᠳᠡᠯ ᠰᠢᠨ᠎ᠡ ᠲᠣᠰᠬᠤᠨ ᠳᠤ᠂ ᠵᠧᠦ ᠶᠢᠨ ᠰᠢᠩ ᠰᠤᠷᠭᠠᠭᠤᠯᠢ ᠶᠢᠨ ᠬᠦᠷᠢᠶᠡᠨ ᠤ ᠢᠳᠡᠭᠡᠨ ᠤ | ᠠᠮᠤᠷ ᠲᠦᠪᠰᠢᠨ ᠵᠢᠴᠢ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠯᠲᠠ᠂ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠭᠰᠡᠨ ᠵᠡᠷᠭᠡ ᠠᠵᠢᠯ ᠤᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠪᠠ᠃ ᠲᠡᠷᠡ ᠬᠡᠯᠡᠭᠰᠡᠨ ᠨᠢ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢᠨ | ᠵᠠᠷᠤᠳᠠᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠨᠡᠶᠢᠭᠡᠮ ᠤᠨ ᠬᠢᠨᠠᠯᠲᠠ ᠶᠢ ᠴᠢᠩᠭᠠᠳᠬᠠᠨ᠂ ᠭᠡᠷ ᠪᠦᠯᠢ ᠪᠠ | ᠰᠤᠷᠭᠠᠭᠤᠯᠢ ᠶᠢ ᠬᠠᠮᠲᠤ ᠪᠠᠷ ᠵᠠᠰᠠᠬᠤ ᠶᠢ ᠠᠬᠢᠭᠤᠯᠵᠤ᠂ ᠭᠡᠷ ᠤᠨ ᠠᠬᠠᠮᠠᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ | ᠰᠣᠨᠣᠰᠴᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠨᠣᠭᠤᠭᠠᠨ ᠤ ᠠᠷᠢᠭᠤᠨ ᠴᠡᠪᠡᠷ | ᠡᠷᠡᠭᠦᠯ ᠬᠠᠮᠠᠭᠠᠯᠠᠯ᠂ ᠰᠢᠮ᠎ᠡ ᠲᠡᠵᠢᠭᠡᠯ ᠤᠨ ᠲᠡᠩᠴᠡᠭᠦᠷᠢᠲᠡᠶ ᠪᠠᠶᠢᠬᠤ ᠶᠢ ᠪᠠᠲᠤᠯᠠᠵᠤ᠂ ᠰᠤᠷᠤᠭᠴᠢᠳ ᠲᠤ ᠰᠠᠨᠠᠭ᠎ᠠ | ᠠᠮᠤᠷ ᠬᠤᠭᠤᠯᠠ ᠢᠳᠡᠭᠦᠯᠬᠦ ᠬᠡᠷᠡᠭᠲᠡᠶ᠃ ︽ᠨᠢᠭᠡ ᠪᠠᠯᠭᠠᠰᠤ ᠵᠡᠭᠡᠯᠢ ᠭᠤᠳᠤᠮᠵᠢ ᠨᠢᠭᠡ ᠪᠣᠳᠠᠲᠤ ᠶᠠᠪᠤᠳᠠᠯ︾ ᠢ ᠰᠠᠶᠢᠲᠤᠷ | ᠬᠢᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ | ᠡᠷᠬᠢᠨ ᠲᠣᠭᠤᠷᠢᠨ ᠤ ᠬᠦᠷᠢᠶᠡᠯᠡᠩ ᠲᠣᠭᠤᠷᠢᠭ᠂ ᠠᠭᠤᠷᠬᠠᠢ ᠶᠢᠨ ᠣᠷᠣᠨ ᠤ ᠠᠵᠤ ᠠᠬᠤᠶᠢᠯᠠᠯ ᠯᠤᠭ᠎ᠠ ᠵᠣᠯᠭᠠᠭᠤᠯᠬᠤ | ᠪᠠᠨ ᠴᠢᠩᠭᠠᠳᠬᠠᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠶᠢᠷ᠎ᠠ ᠬᠠᠪᠢ ᠳᠠᠭᠠᠨ ᠠᠵᠢᠯ ᠤᠯᠬᠤ ᠶᠢ | ᠠᠬᠢᠭᠤᠯᠬᠤ ᠬᠡᠷᠡᠭᠲᠡᠢ᠃ ᠬᠤᠲᠠ ᠶᠢᠨ ᠲᠡᠭᠦᠷᠭᠡ ᠶᠢᠨ ᠰᠣᠳᠣᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ | ᠲᠠᠷᠢᠶᠠᠯᠠᠩ ᠤᠨ ᠣᠨᠴᠠᠯᠢᠭᠲᠤ ᠲᠦᠷᠦᠯ ᠲᠡᠮᠳᠡᠭ ᠢ ᠬᠦᠴᠦᠷᠬᠡᠭᠵᠢᠭᠦᠯᠵᠦ᠂ ᠲᠠᠷᠢᠶᠠᠯᠠᠩ ᠤᠨ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ | ᠥᠷᠭᠡᠳᠬᠡᠬᠦ ᠬᠡᠷᠡᠭᠲᠡᠶ ᠭᠡᠵᠡᠢ᠃ | |