5 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠯᠢ ᠠᠩ | ᠣᠷᠣᠯᠴᠠᠪᠠ᠃ | | | | | ᠬᠠᠶᠢᠷᠤᠪ ᠤᠨ ᠲᠤᠬᠤᠢ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ᠂ ᠵᠧᠦ ᠶᠢᠨ ᠰᠢᠩ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ᠂ ᠠᠷᠠᠳ ᠲᠤ ᠪᠣᠳᠠᠲᠠᠢ ᠶᠠᠪᠤᠳᠠᠯ ᠬᠢᠵᠦ ᠥᠭᠭᠦᠭᠰᠡᠨ ᠵᠡᠷᠭᠡ ᠪᠠᠶᠢᠳᠠᠯ ᠢ | ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠰᠣᠷᠣᠯᠴᠠᠬᠤ ᠪᠠᠶᠢᠴᠠᠭᠠᠬᠤ ᠴᠡᠭᠴᠡᠯᠡᠨ ᠵᠠᠰᠠᠬᠤ ᠶᠢ | ᠨᠡᠪᠲᠡᠷᠡᠯᠴᠡᠭᠦᠯᠵᠦ᠂ ᠬᠦᠴᠦᠯᠡᠬᠦ ᠴᠢᠭ ᠢᠶᠠᠨ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠵᠤ᠂ ᠨᠡᠬᠡᠬᠡᠯᠳᠡᠢ ᠬᠥᠮᠦᠵᠢᠯ | ᠬᠢᠬᠦ ᠶᠢ ᠪᠠᠷᠢᠮᠲᠠᠯᠠᠨ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠰᠠᠭᠤᠳᠠᠯ ᠢᠶᠠᠨ | ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠤᠯᠠᠨ ᠲᠦᠮᠡᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠢ | ᠰᠡᠳᠬᠢᠯ ᠲᠠᠯᠪᠢᠨ ᠰᠢᠢᠳᠪᠦᠷᠢᠯᠡᠵᠦ᠂ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠬᠦ᠂ ᠨᠠᠰᠤᠵᠢᠯ ᠤᠨ ᠠᠰᠠᠷᠠᠮᠵᠢ | ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠤᠨ ᠰᠡᠳᠭᠢᠯᠭᠡ ᠲᠠᠢ ᠲᠦᠷᠦᠭᠳᠡᠯ ᠲᠠᠢ ᠪᠠᠶᠢᠬᠤ ᠶᠢ ᠦᠨᠡᠨ ᠬᠦ ᠠᠬᠢᠭᠤᠯᠬᠤ | ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ | ᠴᠢᠩᠭᠠᠳᠬᠠᠵᠤ᠂ ︽ᠵᠡᠭᠡᠯᠢ ᠭᠤᠳᠤᠮᠵᠢ ᠱᠦᠭᠯᠦ ᠦᠯᠢᠶᠡᠬᠦ᠂ ᠰᠠᠯᠠᠭ᠎ᠠ ᠮᠥᠴᠢᠷ ᠨᠡᠷ᠎ᠡ ᠪᠠᠨ ᠮᠡᠳᠡᠭᠦᠯᠬᠦ︾ ᠠᠵᠢᠯ ᠤᠨ | ᠲᠣᠭᠲᠠᠴᠠ ᠶᠢ ᠭᠦᠨᠵᠡᠭᠡᠢ ᠬᠡᠷᠡᠭᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠨ ᠢ ᠪᠦᠲᠦᠮᠵᠢᠲᠡᠢ | ᠲᠠᠶᠢᠴᠢᠯᠠᠨ ᠨᠢᠭᠡᠳᠦᠭᠡᠷ ᠹᠷᠣᠨᠲ ᠲᠤ ᠤᠴᠢᠭᠤᠯᠵᠤ᠂ ᠠᠰᠠᠭᠤᠳᠠᠯ ᠢ ᠨᠢ ᠰᠢᠢᠳᠪᠦᠷᠢᠯᠡᠵᠦ᠂ ᠦᠨᠳᠦᠰᠦᠨ ᠱᠠᠲᠤᠨ ᠤ | ᠵᠠᠰᠠᠯᠲᠠ ᠶᠢᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ᠂ ᠬᠠᠶᠢᠷᠤᠪ ᠤᠨ ᠲᠣᠬᠤᠶ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠂ ᠵᠧᠤ ᠶᠢᠨ ᠰᠢᠩ ᠮᠠᠰᠢᠨ ᠲᠡᠷᠭᠡ ᠪᠠ | ᠵᠢᠯᠤᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠬᠦᠢᠴᠡᠳᠬᠡᠬᠦ᠂ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠦᠢᠯᠡᠴᠢᠯᠡᠭᠡ ᠬᠠᠮᠢᠶᠠᠷᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢ ᠰᠣᠨᠣᠰᠪᠠ᠃ ᠲᠡᠷᠡ | ᠬᠡᠯᠡᠭᠰᠡᠨ ᠨᠢ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠯᠠᠨ ᠲᠦᠮᠡᠨ ᠤ ᠬᠦᠰᠡᠯ | ᠡᠷᠡᠮᠡᠯᠵᠡᠯ ᠢ ᠴᠢᠩᠭ᠎ᠠ ᠠᠩᠬᠠᠷᠴᠤ᠂ ᠦᠢᠯᠡᠴᠢᠯᠡᠭᠡ ᠪᠠᠨ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠤᠷᠲᠠᠯ ᠢᠶᠠᠨ | ᠰᠠᠶᠢᠵᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢ ᠶᠣᠰᠣᠭᠠᠷ ᠬᠢᠨᠠᠨ | ᠬᠠᠮᠢᠶᠠᠷᠴᠤ᠂ ᠬᠠᠯᠠᠭᠤᠨ ᠢᠶᠠᠷ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃ | ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠳᠤ᠂ ᠵᠧᠦ ᠶᠢᠨ ᠰᠢᠩ | ᠡᠪᠡᠳᠴᠢᠨ ᠦᠵᠡᠭᠦᠯᠬᠦ ᠶᠠᠪᠤᠴᠠ ᠪᠠᠨ ᠰᠢᠯᠢᠳᠡᠭᠵᠢᠭᠦᠯᠦᠭᠰᠡᠨ᠂ ᠦᠢᠯᠡᠴᠢᠯᠡᠭᠡᠨ ᠤ ᠶᠠᠰᠤ ᠴᠢᠨᠠᠷ ᠢᠶᠠᠨ | ᠰᠠᠶᠢᠵᠢᠷᠠᠭᠤᠯᠤᠭᠰᠠᠨ ᠵᠡᠷᠭᠡ ᠪᠠᠶᠢᠳᠠᠯ ᠢ ᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠲᠠᠢ ᠤᠶᠠᠯᠳᠤᠭᠤᠯᠤᠨ᠂ ᠦᠢᠯᠡᠴᠢᠯᠡᠭᠡᠨ ᠤ ᠳᠤᠲᠠᠭᠤᠳᠠᠯ ᠢᠶᠠᠨ ᠬᠠᠨᠳᠤᠯᠭᠠᠲᠤ ᠴᠢᠨᠠᠷᠲᠠᠶ ᠪᠠᠷ ᠡᠷᠢᠵᠦ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ | ᠦᠷᠭᠦᠯᠵᠢᠯᠡᠨ ᠳᠡᠭᠡᠭᠰᠢᠯᠡᠭᠦᠯᠵᠦ᠂ ᠡᠮᠴᠢ ᠶᠢᠨ ᠮᠣᠷᠠᠯ ᠰᠤᠷᠲᠠᠯ ᠢᠶᠠᠨ ᠰᠠᠶᠢᠵᠢᠷᠠᠭᠤᠯᠵᠤ᠂ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠶ ᠭᠡᠵᠡᠶ᠃ | |