5 ᠰᠠᠷ᠎ᠠ ᠶᠢᠨ 22 ᠤᠨ ᠡᠳᠦᠷ᠂ 2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠣᠭᠤᠯᠤᠭ᠎ᠠ ᠬᠤᠨᠳᠠᠭᠠᠲᠤ︾ ᠵᠠᠯᠠᠭᠤᠴᠤᠳ | ᠪᠠᠭᠠᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠮᠠᠨ ᠤ ᠬᠤᠲᠠ ᠳᠤ | ᠡᠬᠢᠯᠡᠪᠡ᠃ ᠥᠪᠡᠷᠲᠡᠭᠡᠨ ᠵᠠᠰᠠᠬᠤ ᠣᠷᠣᠨ ᠤ 6 ᠠᠶᠢᠮᠠᠭ ᠬᠤᠲᠠ ᠶᠢᠨ 116 ᠨᠡᠷᠡᠰ ᠳᠠᠭᠠᠭᠤᠯᠤᠭᠴᠢ᠂ | ᠳᠠᠰᠬᠠᠯᠵᠢᠭᠤᠯᠤᠭᠴᠢ ᠪᠣᠯᠤᠨ ᠵᠠᠭᠤ ᠭᠠᠷᠤᠶ ᠵᠠᠯᠠᠭᠤᠴᠤᠳ ᠪᠠᠭᠠᠴᠤᠳ ᠤᠨ ᠳᠤᠭᠤᠶ ᠲᠡᠷᠭᠡᠨ ᠤ ᠲᠠᠮᠢᠷᠴᠢᠨ ᠲᠣᠰ | ᠤᠳᠠᠭᠠᠨ ᠤ ᠤᠷᠤᠯᠳᠤᠭᠠᠨ ᠳᠤ ᠣᠷᠣᠯᠴᠠᠪᠠ᠃ | ᠤᠷᠤᠯᠳᠤᠭᠠᠨ ᠤ ᠠᠩᠬᠠᠨ ᠤ ᠡᠳᠦᠷ ᠤᠨ ᠦᠳᠡ ᠶᠢᠨ ᠡᠮᠦᠨ᠎ᠡ᠂ ᠡᠷᠡᠭᠲᠡᠶ ᠶᠢᠨ ᠬᠥᠬᠡ᠂ ᠬᠥᠬᠡᠭᠴᠢᠨ᠂ ᠤᠯᠠᠭᠠᠨ | ᠳᠤᠭᠤᠶᠢᠯᠠᠩ ᠤᠨ 500 ᠮᠧᠲᠷ᠂ 1000 ᠮᠧᠲᠷ ᠤᠨ ᠬᠤᠪᠢ ᠬᠥᠮᠦᠨ ᠤ ᠴᠠᠭ ᠢᠶᠠᠷ ᠪᠤᠳᠤᠬᠤ ᠤᠷᠤᠯᠳᠤᠭᠠᠨ | ᠵᠢᠴᠢ ᠡᠮᠡᠭᠲᠡᠶ ᠶᠢᠨ ᠬᠥᠬᠡ᠂ ᠬᠥᠬᠡᠭᠴᠢᠨ᠂ ᠤᠯᠠᠭᠠᠨ ᠳᠤᠭᠤᠶᠢᠯᠠᠩ ᠤᠨ 500 ᠮᠧᠲᠷ᠂ 1000 ᠮᠧᠲᠷ ᠤᠨ ᠬᠤᠪᠢ | ᠬᠥᠮᠦᠨ ᠤ ᠴᠠᠭ ᠢᠶᠠᠷ ᠪᠤᠳᠤᠬᠤ ᠤᠷᠤᠯᠳᠤᠭᠠᠨ ᠡᠩ ᠲᠡᠷᠢᠭᠦᠨ ᠳᠤ ᠶᠠᠪᠤᠭᠳᠠᠪᠠ᠃ ᠲᠤᠬᠢᠶᠠᠨ ᠤ ᠫᠤᠤ ᠶᠢᠨ ᠲᠠᠭᠤᠨ ᠢ | ᠳᠠᠭᠠᠯᠳᠤᠨ᠂ ᠲᠠᠮᠢᠷᠴᠢᠳ ᠬᠠᠷᠪᠤᠭᠰᠠᠨ ᠰᠤᠮᠤ ᠮᠡᠲᠦ ᠪᠠᠷ ᠳᠣᠪᠲᠣᠯᠤᠨ ᠭᠠᠷᠪᠡ᠃ ᠲᠡᠳ᠋ᠨ ᠥᠩᠭᠡ ᠢᠯᠭᠠᠷᠠᠭᠰᠠᠨ | ᠳᠤᠭᠤᠶ ᠣᠨᠣᠬᠤ ᠬᠤᠪᠴᠠᠰᠤ ᠡᠮᠦᠰᠴᠦ᠂ ᠪᠡᠶ᠎ᠡ ᠪᠦᠬᠦᠶᠢᠨ ᠬᠦᠨᠳᠦ ᠶᠢᠨ ᠲᠦᠪ ᠢᠶᠠᠨ ᠲᠤᠷᠤᠭᠰᠢᠯᠠᠭᠤᠯᠵᠤ᠂ ᠲᠤᠭᠤᠢ | ᠲᠡᠷᠭᠡᠨ ᠤ ᠬᠦᠷᠳᠦ ᠨᠢ ᠨᠢᠰᠬᠦ ᠮᠡᠲᠦ ᠲᠦᠷᠭᠡᠨ ᠡᠷᠭᠢᠯᠳᠦᠵᠦ᠂ ᠬᠦᠴᠦᠯᠡᠨ ᠤᠷᠤᠭᠰᠢᠯᠠᠨ᠎ᠠ᠃ ᠤᠷᠠᠨ ᠨᠠᠷᠢᠯᠢᠭ | ᠳᠤᠭᠤᠶ ᠤᠨᠤᠬᠤ ᠮᠡᠷᠭᠡᠵᠢᠯ ᠪᠠ ᠬᠠᠲᠠᠭᠤ ᠵᠣᠷᠢᠭ ᠢ ᠠᠰᠢᠭᠯᠠ᠂ ᠲᠠᠮᠢᠷᠴᠢᠳ ᠮᠤᠷᠦ᠋ᠢᠯᠠᠯᠲᠠ ᠶᠢᠨ ᠵᠠᠮ ᠳᠡᠭᠡᠷ᠎ᠡ | ᠪᠤᠰᠢᠭᠤ ᠱᠠᠯᠠᠮᠠᠭᠠᠢ ᠤᠷᠣᠭᠰᠢᠯᠠᠵᠤ᠂ ᠣᠷᠣᠯᠳᠣᠭᠠᠨ ᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠪᠠᠴᠢᠮ | ᠰᠢᠷᠦᠭᠦᠨ ᠪᠤᠯᠭᠠᠪᠠ᠃ | ᠲᠣᠰ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠲᠠᠭᠠᠭᠠᠴᠢᠯᠠᠨ ᠡᠷᠭᠢᠯᠡᠵᠦ᠂ 5 ᠰᠠᠷ᠎ᠠ ᠶᠢᠨ 22 ᠤᠨ ᠡᠳᠦᠷ ᠠᠴᠠ 25 ᠤ ᠡᠳᠦᠷ ᠪᠣᠯᠲᠠᠯ᠎ᠠ | ᠦᠷᠭᠦᠯᠵᠢᠯᠡᠨ᠎ᠡ᠃ | ᠤᠷᠤᠯᠳᠤᠭᠠᠨ ᠤ ᠵᠠᠮ ᠨᠢ ᠪᠢᠨ ᠾᠧ ᠶᠢᠨ ᠠᠮᠢ ᠠᠬᠤᠶ ᠶᠢᠨ ᠬᠦᠷᠢᠶᠡᠯᠡᠩ ᠳᠠᠭᠠᠤ ᠪᠠᠶᠢᠷᠢᠯᠠᠵᠤ᠂ ᠵᠠᠮ ᠤᠨ | ᠪᠥᠬᠦ ᠣᠷᠳᠣ ᠨᠢ 24.37 ᠺᠢᠯᠣᠮᠧᠲᠷ ᠪᠣᠯᠤᠨ᠎ᠠ᠃ ᠵᠠᠮ ᠳᠠᠭᠠᠤ ᠶᠢᠨ ᠭᠤᠶᠤ ᠰᠠᠶᠢᠬᠠᠨ ᠦᠵᠡᠮᠵᠢ ᠨᠢ | ᠲᠠᠮᠢᠷᠴᠢᠳ ᠲᠤ ᠥᠪᠡᠷᠮᠢᠴᠡ ᠳᠤᠭᠤᠢ ᠤᠨᠤᠬᠤ ᠣᠶᠢᠯᠠᠭᠠᠯᠲᠠ ᠶᠢ ᠠᠪᠴᠢᠷᠠᠵᠤ ᠥᠭᠪᠡ᠃ | ᠲᠣᠰ ᠤᠳᠠᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠨᠢ ᠵᠠᠯᠠᠭᠤᠴᠤᠳ ᠪᠠᠭᠠᠴᠤᠳ ᠲᠠᠮᠢᠷᠴᠢᠳ ᠲᠤ | ᠤᠷ᠎ᠠ ᠮᠡᠷᠭᠡᠵᠢᠯ ᠢᠶᠠᠨ ᠰᠣᠯᠢᠯᠴᠠᠬᠤ᠂ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠤᠷᠤᠯᠳᠤᠭᠠᠨ ᠤ ᠲᠠᠪᠴᠠᠩ | ᠪᠠᠶᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠰᠢᠨ᠎ᠡ ᠨᠢᠭᠡ ᠦᠶ᠎ᠡ ᠶᠢᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ | ᠠᠭᠤᠳᠠᠯᠤᠨ ᠬᠥᠮᠦᠵᠢᠭᠦᠯᠬᠦ ᠴᠢᠬᠤᠯᠠ ᠠᠵᠠ ᠲᠣᠬᠢᠶᠠᠯ ᠪᠣᠯᠤᠭᠰᠠᠨ ᠪᠥᠭᠡᠳ ᠡᠭᠦᠨ ᠤ ᠬᠠᠮᠲᠤ ᠵᠠᠰᠠᠮᠠᠯ ᠵᠠᠮ ᠤᠨ | ᠳᠤᠭᠤᠶ ᠲᠡᠷᠭᠡᠨ ᠤ ᠬᠥᠳᠡᠯᠭᠡᠭᠡᠨ ᠢ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠲᠦᠮᠡᠨ ᠤ | ᠬᠠᠯᠠᠭᠤᠨ ᠰᠡᠳᠬᠢᠯᠭᠡ ᠪᠠ ᠳᠤᠷ᠎ᠠ ᠰᠣᠨᠢᠷᠬᠠᠯ ᠢ ᠬᠥᠭᠵᠢᠭᠡᠵᠦ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ | ᠪᠠᠭᠠᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠬᠥᠳᠡᠯᠭᠡᠭᠡᠨ ᠤ ᠰᠢᠨ᠎ᠡ ᠳᠡᠭᠲᠡᠷ ᠲᠤ ᠭᠠᠷᠬᠤ ᠳᠤ ᠬᠦᠴᠦᠨ | ᠨᠡᠮᠡᠷᠢᠯᠡᠭᠰᠡᠨ ᠪᠠᠶᠢᠨ᠎ᠠ᠃ |