5 ᠰᠠᠷ᠎ᠠ ᠶᠢᠨ 22 ᠤᠨ ᠡᠳᠦᠷ᠂ ᠪᠦᠬᠦ ᠬᠤᠳᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ | ᠨᠠᠷᠢᠨ ᠪᠢᠴᠢᠭ ᠤᠨ ᠲᠠᠷᠤᠭ᠎ᠠ ᠶᠢᠨ ᠬᠤᠷᠠᠯ ᠬᠤᠷᠠᠯᠳᠤᠵᠤ᠂ ᠪᠦᠬᠦ ᠤᠯᠤᠰ᠂ ᠪᠦᠬᠦ ᠤᠷᠤᠨ ᠤ ᠨᠠᠮ ᠤᠨ ᠬᠤᠷᠢᠶ᠎ᠠ | ᠪᠤᠯᠤᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠠᠯᠪᠠᠯᠠᠬᠤ ᠰᠠᠯᠠᠭ᠎ᠠ ᠮᠥᠴᠢᠷ | ᠰᠢ ᠶᠢᠨ ᠫᠢᠩ ᠶᠡᠷᠦᠩᠬᠡᠶ ᠱᠦᠵᠢ ᠶᠢᠨ ᠠᠯᠪᠠᠨ ᠲᠢᠩᠬᠢᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦ ᠤᠯᠤᠰ᠂ ᠪᠥᠬᠦ ᠣᠷᠣᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ | ᠵᠢᠴᠢ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ︽ᠭᠤᠷᠪᠠ ᠳᠤ ᠦᠢᠯᠡᠴᠢᠯᠡᠬᠦ︾ ᠠᠵᠢᠯ ᠢ ᠰᠠᠶᠢᠲᠤᠷ ᠬᠢᠬᠦ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ | ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠶ᠃ ︽ᠲᠠᠪᠤ ᠶᠢ ᠪᠠᠷᠢᠮᠲᠠᠯᠠᠬᠤ︾ ᠶᠢ | ᠦᠨᠡᠨᠴᠢ ᠪᠠᠷ ᠦᠢᠯᠡᠳᠦᠯᠭᠡᠵᠢᠭᠦᠯᠵᠦ᠂ ︽ᠲᠦᠷᠭᠡᠨ᠂ ᠲᠣᠭᠲᠠᠭᠤᠨ᠂ ᠴᠢᠩᠭ᠎ᠠ᠂ ᠣᠨᠣᠪᠴᠢᠲᠠᠶ᠂ ᠨᠠᠷᠢᠯᠢᠭ᠂ ᠪᠣᠳᠠᠲᠠᠶ︾ | ᠱᠠᠭᠠᠷᠳᠠᠯᠭ᠎ᠠ ᠶᠢ ᠶᠡᠭᠡ ᠲᠠᠯ᠎ᠠ ᠳᠤ ᠦᠢᠯᠡᠴᠢᠯᠡᠬᠦ᠂ ᠵᠥᠪᠯᠡᠭᠴᠢ ᠬᠠᠪᠰᠤᠷᠤᠭᠴᠢ᠂ ᠰᠢᠮᠳᠠᠭᠤᠯᠤᠨ ᠪᠠᠶᠢᠴᠠᠭᠠᠬᠤ᠂ | ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠤᠨ ᠪᠥᠬᠦ ᠶᠠᠪᠤᠴᠠ᠂ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠨᠠᠩ ᠰᠠᠶᠢᠲᠤᠷ ᠬᠠᠪᠰᠤᠷᠤᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠦᠬᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠨᠠᠮ ᠤᠨ ᠢᠷᠠᠭᠤ ᠠᠯᠳᠠᠷᠲᠤ | ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠲᠦᠷᠦᠭᠦᠯᠡᠨ ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ︽ᠵᠢᠷᠤᠮᠵᠢᠭᠤᠯᠬᠤ᠂ ᠴᠣᠮᠬᠤᠳᠬᠠᠬᠤ᠂ ᠲᠦᠷᠭᠡᠳᠬᠡᠬᠦ︾ ᠳᠡᠭᠡᠷ᠎ᠡ ᠦᠷᠭᠦᠯᠵᠢᠯᠡᠨ ᠪᠣᠳᠠᠲᠠᠢ ᠠᠷᠭ᠎ᠠ ᠭᠠᠷᠭᠠᠵᠤ᠂ | ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠨᠠᠮ ᠢ ᠰᠠᠨᠠᠭ᠎ᠠ ᠠᠮᠤᠷ᠂ ᠠᠷᠠᠳ | ᠲᠦᠮᠡᠨ ᠢ ᠰᠡᠳᠬᠢᠯ ᠬᠠᠨᠤᠮᠵᠢᠲᠠᠢ ᠪᠤᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠡᠢ᠃ |