ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ᠂ ᠬᠠᠶᠢᠷ᠎ᠠ ᠨᠡᠮᠡᠷᠢᠯᠡᠬᠦ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠮᠠᠨ ᠤ ᠬᠤᠲᠠ ᠳᠤ ᠢᠷᠡᠵᠦ ᠡᠮᠴᠢᠯᠡᠭᠡ ᠳᠤ ᠲᠤᠰᠠᠯᠠᠬᠤ ᠵᠢᠴᠢ ᠬᠠᠨᠳᠢᠪᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/26
     5 ᠰᠠᠷ᠎ᠠ ᠶᠢᠨ 23 ᠤ ᠡᠳᠦᠷ᠂ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ᠂ ᠬᠠᠶᠢᠷ᠎ᠠ ᠨᠡᠮᠡᠷᠢᠯᠡᠬᠦ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠮᠠᠨ ᠤ ᠬᠤᠲᠠ ᠳᠤ ᠢᠷᠡᠵᠦ ᠡᠮᠴᠢᠯᠡᠭᠡ ᠳᠤ ᠲᠤᠰᠠᠯᠠᠬᠤ ᠵᠢᠴᠢ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠠᠩ ᠴᠢᠨ ᠹᠸᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠶᠦᠩ ᠵᠢᠶᠦ᠋ᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠤ ᠶᠧ ᠸᠧᠨ ᠠᠵᠢᠯᠯᠠᠭ᠎ᠠ ᠳᠤ ᠣᠷᠣᠯᠴᠠᠪᠠ᠃      ᠲᠠᠩ ᠴᠢᠨ ᠹᠸᠢ ᠬᠡᠯᠡᠭᠰᠡᠨ ᠨᠢ᠂ ᠲᠤᠰ ᠣᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠥᠷᠨᠢᠭᠦᠯᠦᠭᠰᠡᠨ ᠨᠢ ᠬᠤᠶᠠᠷ ᠭᠠᠵᠠᠷ ᠤᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ ᠠᠩᠬᠠᠨ ᠤ ᠠᠯᠬᠤᠭ᠎ᠠ ᠶᠢ ᠠᠯᠬᠤᠵᠤ᠂ ᠬᠤᠶᠠᠷ ᠭᠠᠵᠠᠷ ᠤᠨ ᠤᠯᠤᠰ ᠲᠦᠷᠦ ᠶᠢᠨ ᠵᠥᠪᠯᠡᠯᠭᠡᠨ ᠤᠯᠤᠯᠴᠠᠭ᠎ᠠ ᠬᠠᠷᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃      ᠯᠢ ᠴᠦᠨ ᠰᠢᠶᠤᠤ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠠᠴᠠ ᠦᠬᠠᠢ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠲᠣᠰ ᠤᠳᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠦᠬᠠᠶ ᠶᠢᠨ ᠣᠯᠠᠨ ᠲᠦᠮᠡᠨ ᠳᠤ ︽ᠬᠡᠷ ᠤᠨ ᠡᠭᠦᠳᠡ︾ ᠳᠤ ᠪᠡᠭᠡᠵᠢᠩ ᠤᠨ ᠲᠤᠰᠬᠠᠶ ᠮᠡᠷᠭᠡᠵᠢᠯᠲᠡᠨ ᠤ ᠣᠨᠣᠰᠢᠯᠠᠨ ᠡᠮᠨᠡᠬᠦ ᠦᠢᠯᠡᠴᠢᠯᠡᠭᠡ ᠶᠢ ᠡᠳ᠋ᠯᠡᠭᠦᠯᠵᠦ᠂ ᠨᠠᠩ ᠴᠤ ᠦᠬᠠᠶ ᠶᠢᠨ ᠡᠮᠴᠢᠯᠡᠭᠡᠨ ᠤ ᠦᠢᠯᠡᠰ ᠤᠨ ᠬᠥᠭᠵᠢᠯᠲᠡ ᠳᠤ ᠪᠠᠯᠠ ᠮᠥᠩᠭᠦ ᠪᠠ ᠮᠡᠷᠭᠡᠵᠢᠯ ᠤᠨ ᠳᠡᠮᠵᠢᠯᠭᠡ ᠬᠠᠩᠭᠠᠭᠰᠠᠨ ᠪᠠᠶᠢᠨ᠎ᠠ᠃ ᠨᠡᠩ ᠤᠯᠠᠨ ᠨᠡᠶᠢᠭᠡᠮ ᠤᠨ ᠬᠦᠴᠦᠨ ᠦᠬᠠᠢ ᠶᠢᠨ ᠠᠷᠠᠳ ᠤᠨ ᠠᠮᠢᠳᠤᠷᠠᠯ ᠤᠨ ᠦᠢᠯᠡᠰ ᠢ ᠠᠩᠬᠠᠷᠴᠤ᠂ ᠡᠮᠴᠢᠯᠡᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠳᠤ ᠨᠡᠩ ᠶᠡᠭᠡ ᠬᠡᠪᠴᠢᠶ᠎ᠡ᠂ ᠨᠡᠩ ᠭᠦᠨ ᠳᠠᠪᠬᠤᠷᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠡᠶᠡᠯᠡᠭᠦᠯᠵᠦ᠂ ᠦᠬᠠᠢ ᠶᠢᠨ ᠠᠷᠠᠳ ᠤᠨ ᠠᠮᠢᠳᠤᠷᠠᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠠᠵᠢᠯᠯᠠᠭ᠎ᠠ ᠶᠢᠨ ᠳᠤᠮᠳᠠ᠂ ᠠᠨ ᠯᠢ ︵ᠳᠤᠮᠳᠠᠳᠤ ᠤᠯᠤᠰ︶ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠬᠢᠵᠠᠭᠠᠷᠲᠤ ᠺᠣᠮᠫᠠᠨᠢ ᠬᠠᠶᠢᠷᠤᠪ ᠤᠨ ᠲᠣᠬᠤᠶ ᠲᠣᠭᠤᠷᠢᠭ ᠤᠨ ᠬᠠᠶ ᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ 5 ᠲᠦᠮᠡᠨ ᠲᠥᠭᠦᠷᠢᠭ ᠬᠠᠨᠳᠢᠪᠯᠠᠪᠠ᠃ ᠳᠠᠷᠠᠭ᠎ᠠ ᠨᠢ᠂ ᠬᠠᠶᠢᠷ᠎ᠠ ᠨᠡᠮᠡᠷᠢᠯᠡᠬᠦ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠪᠡᠭᠡᠵᠢᠩ ᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠳᠤ ᠭᠦᠨᠵᠡᠭᠡᠶᠢᠷᠡᠨ ᠠᠷᠠᠳ ᠲᠤ ᠠᠰᠢᠭ ᠬᠦᠷᠲᠡᠭᠡᠬᠦ ᠠᠯᠪᠠᠨ ᠵᠢᠷᠤᠮ ᠤᠨ ᠡᠮᠴᠢᠯᠡᠭᠡ᠂ ᠳᠠᠭᠠᠭᠤᠯᠤᠨ ᠬᠥᠮᠦᠵᠢᠭᠦᠯᠬᠦ ᠭᠡᠷ ᠪᠠᠶᠢᠴᠠᠭᠠᠬᠤ ᠵᠡᠷᠭᠡ ᠠᠵᠢᠯᠯᠠᠭ᠎ᠠ ᠥᠷᠨᠢᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号