2025 ᠣᠨ ᠤ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠵᠠᠰᠠᠮᠠᠯ ᠵᠠᠮ ᠤᠨ ᠳᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠲᠡᠭᠦᠰᠪᠡ
ᠨᠡᠶᠢᠲᠡᠯᠡᠭᠰᠡᠨ ᠴᠠᠭ᠄
2025/5/26
     5 ᠰᠠᠷ᠎ᠠ ᠶᠢᠨ 25 ᠤ ᠡᠳᠦᠷ᠂ 4 ᠡᠳᠦᠷ ᠤᠨ ᠬᠤᠭᠤᠴᠠᠭ᠎ᠠ ᠲᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠮᠠᠨ ᠤ ᠬᠤᠲᠠ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠪᠦᠬᠦ ᠣᠷᠣᠨ ᠤ ᠡᠯ᠎ᠡ ᠭᠠᠵᠠᠷ ᠤᠨ ᠵᠠᠭᠤ ᠭᠠᠷᠤᠢ ᠵᠠᠯᠠᠭᠤᠴᠤᠳ ᠪᠠᠭᠠᠴᠤᠳ ᠤᠨ ᠳᠤᠭᠤᠢ ᠲᠡᠷᠭᠡᠨ ᠤ ᠲᠠᠮᠢᠷᠴᠢᠳ ᠦᠬᠠᠢ ᠨᠠᠭᠤᠷ ᠤᠨ ᠬᠥᠪᠡᠭᠡᠨ ᠳᠤ ᠴᠤᠭᠯᠠᠷᠠᠵᠤ᠂ ᠬᠤᠷᠳᠤᠴᠠ ᠪᠣᠯᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠨ ᠢᠯᠡᠷᠡᠬᠦᠯᠵᠦ᠂ ᠬᠦᠴᠦ ᠬᠥᠯᠥᠰᠥ ᠪᠠᠨ ᠤᠷᠤᠰᠬᠠᠨ᠂ ᠪᠡᠶ᠎ᠡ ᠶᠢᠨ ᠲᠠᠮᠢᠷ ᠤᠨ ᠲᠤᠬᠠᠢ ᠬᠦᠰᠡᠯ ᠢ ᠬᠥᠭᠡᠭᠡᠴᠡᠯᠳᠦᠪᠡ᠃      ᠤᠷᠤᠯᠳᠤᠭᠠᠨ ᠤ ᠡᠴᠦᠰ ᠤᠨ ᠨᠢᠭᠡ ᠡᠳᠦᠷ᠂ ᠡᠷᠡᠭᠲᠡᠶ ᠶᠢᠨ ᠬᠥᠬᠡ ᠳᠤᠭᠤᠶᠢᠯᠠᠩ ᠤᠨ 100 ᠺᠢᠯᠤᠮᠧᠲᠷ᠂ ᠬᠥᠬᠡᠭᠴᠢᠨ ᠳᠤᠭᠤᠶᠢᠯᠠᠩ ᠤᠨ 75 ᠺᠢᠯᠤᠮᠧᠲᠷ ᠪᠣᠯᠣᠨ C ᠳᠤᠭᠤᠶᠢᠯᠠᠩ ᠤᠨ 50 ᠺᠢᠯᠤᠮᠧᠲᠷ ᠤᠨ ᠬᠤᠪᠢ ᠬᠥᠮᠦᠨ ᠤ ᠤᠷᠤᠯᠳᠤᠭᠠᠨ ᠤ ᠤᠷᠤᠯᠳᠤᠭᠠᠨ ᠢ ᠶᠠᠪᠤᠭᠳᠠᠭᠤᠯᠪᠠ᠃ ᠤᠷᠤᠯᠳᠤᠭᠠᠨ ᠤ ᠲᠠᠯᠠᠪᠤᠷ ᠲᠤ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠬᠤᠶᠢᠨ᠎ᠠ ᠬᠤᠶᠢᠨ᠎ᠠ ᠠᠴᠠ ᠪᠠᠨ ᠬᠥᠭᠡᠭᠡᠴᠡᠯᠳᠦᠵᠦ᠂ ᠤᠷᠤᠯᠳᠤᠭᠠᠨ ᠤ ᠬᠢᠷᠢ ᠲᠦᠪᠰᠢᠨ ᠪᠣᠯᠤᠨ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠰᠡᠳᠬᠢᠯᠭᠡ ᠶᠢ ᠪᠦᠷᠢᠨ ᠲᠡᠭᠦᠯᠳᠡᠷ ᠠᠭᠤᠰᠤᠯᠴᠠᠭᠤᠯᠵᠤ᠂ ᠳᠤᠭᠤᠶ ᠲᠡᠷᠭᠡᠨ ᠤ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠪᠡ᠃      ᠬᠤᠷᠴᠠ ᠰᠢᠷᠦᠭᠦᠨ ᠮᠥᠷᠦ᠋ᠢᠴᠡᠭᠡᠨ ᠢᠶᠠᠷ ᠳᠠᠮᠵᠢᠨ ᠡᠯ᠎ᠡ ᠲᠥᠷᠥᠯ ᠤᠨ ᠣᠷᠣᠯᠳᠣᠭᠠᠨ ᠠᠮᠵᠢᠯᠳᠠ ᠲᠠᠢ ᠲᠡᠭᠦᠰᠪᠡ᠃ ᠣᠷᠳᠣᠰ ᠤᠨ ᠲᠦᠯᠦᠭᠡᠯᠡᠭᠴᠢᠳ ᠤᠨ ᠠᠩᠭᠢ ᠶᠢᠨ ᠪᠣᠳᠠᠲᠤ ᠬᠦᠴᠦᠨ ᠴᠢᠩᠭ᠎ᠠ᠂ ᠡᠷᠡᠭᠲᠡᠶ ᠶᠢᠨ ᠬᠥᠬᠡ ᠳᠤᠭᠤᠶᠢᠯᠠᠩ ᠤᠨ 100 ᠺᠢᠯᠤᠮᠧᠲᠷ ᠤᠨ ᠬᠤᠪᠢ ᠬᠥᠮᠦᠨ ᠤ ᠤᠷᠤᠯᠳᠤᠭᠠᠨ ᠤ ᠲᠡᠷᠢᠭᠦᠨ ᠳᠡᠳ᠋ ᠲᠤ ᠣᠷᠣᠵᠣ᠂ ᠲᠦᠩᠯᠢᠶᠣᠤ ᠶᠢᠨ ᠲᠦᠯᠦᠭᠡᠯᠡᠭᠴᠢᠳ ᠤᠨ ᠠᠩᠭᠢ ᠲᠣᠰ ᠲᠥᠷᠥᠯ ᠤᠨ ᠭᠤᠳᠠᠭᠠᠷ ᠲᠤ ᠣᠷᠣᠪᠠ᠃ ᠡᠷᠡᠭᠲᠡᠶ ᠶᠢᠨ ᠬᠥᠬᠡᠭᠴᠢᠨ ᠳᠤᠭᠤᠶᠢᠯᠠᠩ ᠤᠨ 75 ᠺᠢᠯᠤᠮᠧᠲᠷ ᠤᠨ ᠬᠤᠪᠢ ᠬᠥᠮᠦᠨ ᠤ ᠤᠷᠤᠯᠳᠤᠭᠠᠨ ᠤ ᠳᠤᠮᠳᠠ᠂ ᠪᠠᠶᠠᠨᠨᠠᠭᠤᠷ ᠤᠨ ᠲᠦᠯᠦᠭᠡᠯᠡᠭᠴᠢᠳ ᠤᠨ ᠠᠩᠭᠢ ᠭᠠᠷᠮᠠᠭᠠᠶ ᠢᠯᠡᠷᠡᠯ ᠲᠠᠢ ᠪᠠᠶᠢᠵᠤ᠂ ᠲᠡᠷᠢᠬᠦᠨ᠂ ᠭᠤᠳᠠᠭᠠᠷ ᠲᠤ ᠣᠷᠣᠵᠤ᠂ ᠲᠦᠩᠯᠢᠶᠣᠤ ᠶᠢᠨ ᠲᠦᠯᠦᠭᠡᠯᠡᠭᠴᠢᠳ ᠤᠨ ᠠᠩᠭᠢ ᠲᠡᠳ᠋ᠯᠡᠪᠡ᠃ ᠡᠷᠡᠭᠲᠡᠶ ᠶᠢᠨ ᠣᠯᠠᠭᠠᠨ ᠳᠤᠭᠤᠶᠢᠯᠠᠩ ᠤᠨ 50 ᠺᠢᠯᠤᠮᠧᠲᠷ ᠤᠨ ᠬᠤᠪᠢ ᠬᠥᠮᠦᠨ ᠤ ᠤᠷᠤᠯᠳᠤᠭᠠᠨ ᠳᠤ ᠲᠦᠩᠯᠢᠶᠣᠤ ᠶᠢᠨ ᠲᠦᠯᠦᠭᠡᠯᠡᠭᠴᠢᠳ ᠤᠨ ᠠᠩᠭᠢ ᠲᠡᠷᠢᠬᠦᠨ᠂ ᠭᠤᠳᠠᠭᠠᠷ ᠲᠤ ᠣᠷᠣᠵᠤ᠂ ᠣᠷᠳᠣᠰ ᠤᠨ ᠲᠦᠯᠦᠭᠡᠯᠡᠭᠴᠢᠳ ᠤᠨ ᠠᠩᠭᠢ ᠲᠡᠳ᠋ᠯᠡᠪᠡ᠃      ᠲᠦᠩᠯᠢᠶᠣᠤ ᠶᠢᠨ ᠲᠦᠯᠦᠭᠡᠯᠡᠭᠴᠢᠳ ᠤᠨ ᠠᠩᠭᠢ ᠶᠢᠨ ᠲᠠᠮᠢᠷᠴᠢᠨ ᠵᠣᠣ ᡁᠢ ᠸᠧᠶ ᠰᠡᠳᠭᠢᠯ ᠲᠤᠭᠳᠣᠯᠣᠨ ᠬᠡᠯᠡᠭᠰᠡᠨ ᠨᠢ᠂ ᠡᠨᠡ ᠤᠳᠠᠭ᠎ᠠ ᠦᠬᠠᠶ ᠳᠤ ᠢᠷᠡᠵᠦ ᠤᠷᠤᠯᠳᠤᠭᠠᠨ ᠳᠤ ᠣᠷᠣᠯᠴᠠᠵᠤ᠂ ᠲᠦᠷᠦᠭᠦᠤ ᠬᠡᠳᠦᠨ ᠡᠳᠦᠷ ᠤᠨ ᠴᠠᠭ ᠲᠡᠮᠳᠡᠭᠯᠡᠬᠦ ᠲᠥᠷᠥᠯ ᠤᠨ ᠲᠥᠷᠥᠯ ᠵᠦᠢᠯ ᠳᠤ ᠪᠢ ᠨᠡᠯᠢᠶᠡᠳ ᠰᠠᠶᠢᠨ ᠨᠡᠷᠡᠰ ᠤᠨ ᠳᠠᠷᠠᠭᠠᠯᠠᠯ ᠢ ᠣᠯᠤᠭᠰᠠᠨ ᠪᠣᠯᠪᠠᠴᠤ ᠮᠢᠨᠦ ᠬᠠᠷᠠᠯᠲᠠ ᠪᠣᠯ ᠬᠤᠪᠢ ᠬᠥᠮᠦᠨ ᠤ ᠲᠡᠷᠢᠭᠦᠨ ᠳᠤ ᠣᠷᠣᠬᠤ ᠪᠣᠯᠤᠨ᠎ᠠ᠃ ᠬᠠᠮᠤᠭ ᠰᠡᠭᠦᠯ ᠤᠨ ᠨᠢᠭᠡ ᠡᠳᠦᠷ ᠤᠨ ᠤᠷᠤᠯᠳᠤᠭᠠᠨ ᠳᠤ᠂ ᠣᠯᠠᠨ ᠢᠶᠠᠷ ᠢᠶᠠᠨ ᠶᠠᠳᠠᠷᠠᠵᠤ ᠵᠦᠳᠡᠷᠡᠭᠰᠡᠨ ᠴᠦ ᠬᠠᠲᠤᠨ ᠭᠤᠣᠯ ᠤᠨ ᠬᠥᠪᠡᠭᠡᠨ ᠳᠤ ᠬᠦᠷᠴᠦ᠂ ᠭᠤᠶᠣ ᠰᠠᠶᠢᠬᠠᠨ ᠦᠵᠡᠮᠵᠢ ᠶᠢ ᠦᠵᠡᠭᠡᠳ᠂ ᠬᠤᠷᠣᠮᠬᠠᠨ ᠵᠠᠭᠤᠷ᠎ᠠ ᠬᠠᠯᠠᠭᠤᠨ ᠴᠢᠰᠤ ᠣᠷᠭᠢᠯᠪᠠ᠃ ᠡᠴᠦᠰ ᠤᠨ ᠰᠢᠪᠲᠤᠯᠤᠯᠲᠠ ᠶᠢᠨ ᠱᠠᠲᠤᠨ ᠳᠤ ᠪᠢ ᠪᠥᠬᠦ ᠬᠦᠴᠦᠨ ᠢᠶᠠᠨ ᠣᠷᠣᠭᠰᠢᠯᠠᠪᠠ︔ ᠡᠴᠦᠰ ᠤᠨ ᠱᠤᠭᠤᠮ ᠢ ᠰᠢᠪᠲᠤᠯᠬᠤ ᠳᠤ ᠠᠯᠢᠪᠠ ᠴᠢᠷᠮᠠᠶᠢᠯᠭ᠎ᠠ ᠴᠥᠮ ᠤᠳᠬ᠎ᠠ ᠠᠭᠤᠯᠭ᠎ᠠ ᠲᠠᠢ ᠭᠡᠳᠡᠭ ᠢ ᠭᠦᠨ ᠣᠶᠢᠯᠠᠭᠠᠵᠡᠢ ᠭᠡᠵᠡᠢ᠃      ᠲᠣᠰ ᠤᠳᠠᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠪᠡ᠃ ᠤᠷᠤᠯᠳᠤᠭᠠᠨ ᠨᠢ ᠨᠠᠰᠤ ᠪᠠᠷ ᠢᠶᠠᠨ ᠬᠥᠬᠡ᠂ ᠬᠥᠬᠡᠭᠴᠢᠨ᠂ ᠤᠯᠠᠭᠠᠨ ᠭᠤᠷᠪᠠᠨ ᠳᠤᠭᠤᠶᠢᠯᠠᠩ ᠬᠤᠪᠢᠶᠠᠵᠤ᠂ ᠣᠯᠠᠨ ᠤᠷᠤᠯᠳᠤᠭᠠᠨ ᠤ ᠲᠥᠷᠥᠯ ᠢ ᠲᠣᠬᠢᠷᠠᠭᠤᠯᠪᠡ᠃ ᠲᠣᠰ ᠤᠳᠠᠭᠠᠨ ᠤ ᠤᠷᠤᠯᠳᠤᠭᠠᠨ ᠨᠢ ᠪᠥᠬᠦ ᠣᠷᠣᠨ ᠤ ᠵᠠᠯᠠᠭᠤᠴᠤᠳ ᠪᠠᠭᠠᠴᠤᠳ ᠲᠠᠮᠢᠷᠴᠢᠳ ᠤᠨ ᠤᠷ᠎ᠠ ᠮᠡᠷᠭᠡᠵᠢᠯ ᠢᠶᠠᠨ ᠰᠣᠯᠢᠯᠴᠠᠬᠤ᠂ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠤᠷᠤᠯᠳᠤᠭᠠᠨ ᠤ ᠲᠠᠪᠴᠠᠩ ᠪᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠠᠭᠤᠳᠠᠯᠤᠨ ᠬᠥᠮᠦᠵᠢᠭᠦᠯᠬᠦ ᠴᠢᠬᠤᠯᠠ ᠠᠷᠭ᠎ᠠ ᠬᠡᠮᠵᠢᠶ᠎ᠡ ᠪᠤᠯᠤᠭᠰᠠᠨ ᠪᠠᠶᠢᠨ᠎ᠠ᠃ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠵᠠᠯᠠᠭᠤᠴᠤᠳ ᠪᠠᠭᠠᠴᠤᠳ ᠤᠨ ᠳᠤᠭᠤᠶ ᠲᠡᠷᠭᠡᠨ ᠤ ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠬᠥᠳᠡᠯᠭᠡᠭᠡᠨ ᠤ ᠨᠡᠩ ᠥᠨᠳᠥᠷ ᠲᠦᠪᠰᠢᠨ ᠳᠤ ᠬᠦᠷᠬᠦ ᠶᠢ ᠠᠬᠢᠭᠤᠯᠪᠠ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠳᠤᠭᠤᠶ ᠲᠡᠷᠭᠡᠨ ᠤ ᠲᠠᠮᠢᠷ ᠤᠨ ᠬᠥᠳᠡᠯᠭᠡᠭᠡᠨ ᠤ ᠨᠠᠷᠠᠲᠤ ᠲᠡᠮᠳᠡᠭᠲᠦ ᠤᠷᠤᠯᠳᠤᠭᠠᠨ ᠢ ᠢᠳᠡᠪᠬᠢᠲᠡᠶ ᠡᠭᠦᠳᠴᠦ᠂ ᠤᠷᠤᠯᠳᠤᠭᠠᠨ ᠤ ᠵᠠᠮ ᠵᠢᠴᠢ ᠬᠤᠯᠪᠤᠭᠳᠠᠯ ᠪᠥᠬᠦᠶ ᠰᠠᠭᠤᠷᠢ ᠲᠥᠬᠦᠭᠡᠷᠦᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠴᠢᠯᠠᠨ ᠡᠷᠭᠢᠯᠡᠬᠦ ᠳᠤ ᠰᠠᠶᠢᠨ ᠰᠠᠶᠢᠬᠠᠨ ᠨᠥᠬᠦᠴᠡᠯ ᠡᠭᠦᠳᠴᠦ ᠦᠭᠭᠦᠭᠰᠡᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号