ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 5 | ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠬᠢᠨᠠᠨ ᠵᠢᠯᠣᠭᠤᠳᠬᠤ | ᠳᠤᠭᠤᠶᠢᠯᠠᠩ ᠦᠬᠠᠶ ᠶᠢ ᠬᠢᠨᠠᠨ ᠵᠢᠯᠤᠭᠤᠳᠬᠤ ᠠᠭᠤᠯᠵᠠᠯᠲᠠ ᠶᠢᠨ ᠬᠤᠷᠠᠯ ᠬᠤᠷᠠᠯᠳᠣᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠠᠩ ᠳ᠋ᠢᠶᠠᠨ | ᠱᠧᠩ ᠶᠠᠷᠢᠶ᠎ᠠ ᠲᠠᠯᠪᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠬᠢᠨᠠᠨ ᠵᠢᠯᠣᠭᠤᠳᠬᠤ | ᠠᠵᠢᠯ ᠤᠨ ᠡᠭᠦᠷᠭᠡ᠂ ᠶᠡᠷᠦᠩᠬᠡᠢ ᠲᠤᠬᠢᠷᠠᠭᠤᠯᠤᠯᠳᠠ ᠶᠢ ᠵᠠᠷᠯᠠᠨ ᠮᠡᠳᠡᠭᠳᠡᠭᠰᠡᠨ ᠪᠥᠭᠡᠳ ᠬᠢᠨᠠᠨ ᠵᠢᠯᠣᠭᠤᠳᠬᠤ | ᠳᠤᠭᠤᠶᠢᠯᠠᠩ ᠤᠨ ᠠᠵᠢᠯ ᠳᠤ ᠬᠠᠮᠵᠢᠯᠴᠠᠬᠤ ᠱᠠᠭᠠᠷᠳᠠᠯᠭ᠎ᠠ ᠳᠤᠷᠠᠳᠴᠠᠢ᠃ ᠬᠤᠲᠠ ᠶᠢᠨ ᠨᠠᠮ ᠤᠨ ᠬᠤᠷᠢᠶᠠᠨ ᠤ | ᠱᠦᠵᠢ ᠵᠧᠦ ᠶᠢᠨ ᠰᠢᠩ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠡ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ | ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠬᠢᠨᠠᠨ | ᠵᠢᠯᠣᠭᠤᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃ | ᠵᠠᠩ ᠳ᠋ᠢᠶᠠᠨ ᠱᠧᠩ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ | ᠬᠢᠨᠠᠨ ᠵᠢᠯᠣᠭᠤᠳᠬᠤ ᠳᠤᠭᠤᠶᠢᠯᠠᠩ ᠲᠣᠮᠢᠯᠠᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ | ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠴᠢᠬᠤᠯᠠ ᠠᠷᠭ᠎ᠠ ᠬᠡᠮᠵᠢᠶ᠎ᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠬᠤ᠂ ᠬᠤᠯᠪᠣᠭᠳᠠᠯ ᠪᠦᠬᠦᠢ | ᠭᠠᠵᠠᠷ ᠣᠷᠣᠨ ᠪᠣᠯᠤᠨ ᠨᠢᠭᠡᠴᠡ ᠶᠢᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠦᠴᠦᠲᠡᠢ | ᠭᠠᠷᠳᠠᠴᠠ ᠮᠥᠨ᠃ ᠦᠬᠠᠢ ᠬᠤᠳᠠ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠢᠨᠠᠨ ᠵᠢᠯᠣᠭᠤᠳᠬᠤ ᠳᠤᠭᠤᠶᠢᠯᠠᠩ ᠲᠣᠮᠢᠯᠠᠭᠰᠠᠨ ᠤᠯᠤᠰ | ᠲᠦᠷᠦ ᠶᠢᠨ ᠪᠣᠳᠣᠯᠬᠢᠯᠠᠯ ᠢ ᠭᠦᠨᠵᠡᠭᠡᠢ ᠲᠠᠨᠢᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ | ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠬᠢᠨᠠᠨ ᠵᠢᠯᠣᠭᠤᠳᠬᠤ | ᠳᠤᠭᠤᠶᠢᠯᠠᠩ ᠴᠢᠩᠭ᠎ᠠ ᠪᠣᠳᠠᠲᠠᠢ ᠰᠤᠷᠲᠠᠯ ᠢᠶᠠᠷ ᠤᠷᠢᠳᠴᠢᠯᠠᠨ ᠬᠢᠨᠠᠨ ᠵᠢᠯᠣᠭᠤᠳᠴᠤ᠂ ᠴᠢᠩᠭ᠎ᠠ ᠬᠢᠨᠠᠨ ᠪᠣᠳᠠᠲᠠᠢ | ᠵᠢᠯᠣᠭᠤᠳᠴᠤ᠂ ᠦᠬᠠᠢ ᠬᠤᠳᠠ ᠶᠢᠨ ᠨᠠᠮ ᠤᠨ ᠬᠤᠷᠢᠶ᠎ᠠ ᠲᠠᠢ ᠬᠠᠮᠲᠤᠪᠠᠷ ᠰᠡᠳᠦᠪ ᠲᠤ ᠬᠠᠷᠢᠭᠤᠯᠲᠠ ᠥᠭᠴᠦ᠂ | ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃ | ᠵᠧᠦ ᠶᠢᠨ ᠰᠢᠩ ᠢᠯᠡᠷᠭᠡᠶᠢᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠢᠨᠠᠨ | ᠵᠢᠯᠣᠭᠤᠳᠬᠤ ᠳᠤᠭᠤᠶᠢᠯᠠᠩ ᠲᠣᠮᠢᠯᠠᠨ ᠦᠬᠠᠢ ᠳᠤ ᠰᠠᠭᠤᠯᠭᠠᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠬᠢᠨᠠᠨ ᠵᠢᠯᠣᠭᠤᠳᠬᠤ ᠪᠣᠯ ᠦᠬᠠᠢ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡ ᠣᠳᠠᠭᠠᠨ ᠤ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠪᠠ | ᠬᠦᠴᠦᠲᠡᠢ ᠵᠢᠯᠤᠭᠤᠳᠤᠯᠭ᠎ᠠ ᠪᠣᠯᠤᠨ᠎ᠠ᠃ ᠦᠬᠠᠢ ᠬᠤᠳᠠ ᠶᠢᠨ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠬᠢᠨᠠᠨ | ᠵᠢᠯᠤᠭᠤᠳᠤᠯᠭ᠎ᠠ ᠬᠦᠯᠢᠶᠡᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ | ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ | ᠪᠣᠳᠠᠲᠤ ᠠᠵᠢᠯᠯᠠᠭ᠎ᠠ ᠪᠣᠯᠤᠨ ᠠᠵᠢᠯ ᠤᠨ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ︔ ᠠᠰᠠᠭᠤᠳᠠᠯ ᠠᠴᠠ ᠵᠠᠶᠢᠯᠠᠬᠤ ᠦᠭᠡᠢ᠂ ᠠᠰᠠᠭᠤᠳᠠᠯ ᠢ ᠨᠢᠭᠤᠵᠤ | ᠳᠠᠯᠳᠠᠯᠠᠬᠤ ᠦᠭᠡᠢ᠂ ᠠᠰᠠᠭᠤᠳᠠᠯ ᠢ ᠲᠦᠯᠬᠢᠯᠴᠡᠬᠦ ᠦᠭᠡᠢ᠂ ᠬᠠᠷᠠᠯᠲᠠ ᠲᠠᠢ ᠪᠠᠷ ᠴᠡᠭᠴᠡᠯᠡᠨ ᠵᠠᠰᠠᠬᠤ ᠪᠠᠨ | ᠴᠢᠩᠭᠠᠳᠬᠠᠨ᠎ᠠ︔ ᠰᠤᠷᠤᠯᠴᠠᠯᠭ᠎ᠠ ᠬᠥᠮᠦᠵᠢᠯ ᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ | ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠲᠠᠢ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ | ᠦᠷ᠎ᠡ ᠪᠦᠲᠦᠮᠵᠢ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ ᠬᠡᠵᠡᠢ᠃ |