ᠬᠠᠶᠢᠷᠤᠪ ᠤᠨ ᠲᠣᠬᠤᠢ ᠲᠣᠭᠤᠷᠢᠭ ᠤᠨ ᠮᠦᠽᠧᠢ ᠥᠪᠡᠷᠲᠡᠭᠡᠨ ᠵᠠᠰᠠᠬᠤ ᠣᠷᠣᠨ ᠤ ᠳᠡᠰ ᠤᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2025/5/27
     ᠰᠣᠷᠪᠣᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠮᠦᠽᠧᠢ ᠠᠴᠠ ᠣᠶᠢᠯᠠᠭᠠᠭᠰᠠᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠮᠦᠽᠧᠢ ᠶᠢᠨ ︽ᠤᠳᠠ ᠶᠢᠨ ᠫᠧᠷᠮᠢ ᠶᠢᠨ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠦᠵᠡᠬᠦᠯᠦᠯᠭᠡ︾ ᠨᠢ 2025 ᠣᠨ ᠤ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠶ᠎ᠠ︾ ᠭᠡᠬᠦ ᠭᠤᠣᠯ ᠰᠡᠳᠦᠪᠲᠦ ᠦᠵᠡᠭᠦᠯᠦᠯᠭᠡ ᠶᠢᠨ ᠲᠦᠷᠦᠯ ᠵᠦᠢᠯ ᠳᠤ ᠰᠣᠩᠭᠤᠭᠳᠠᠪᠠ᠃      ︽ᠤᠳᠠ ᠶᠢᠨ ᠫᠧᠷᠮᠢ ᠶᠢᠨ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠦᠵᠡᠬᠦᠯᠦᠯᠭᠡ︾ ᠨᠢ ᠤᠳᠠ ᠣᠷᠣᠨ ᠠᠴᠠ ᠢᠯᠡᠷᠡᠭᠦᠯᠦᠭᠰᠡᠨ ᠣᠳᠣ ᠠᠴᠠ ᠪᠠᠷᠤᠭ 3 ᠳ᠋ᠦᠩᠰᠢᠭᠤᠷ ᠵᠢᠯ ᠠᠴᠠ ᠡᠮᠤᠨᠡᠬᠢ ᠫᠧᠷᠮᠢ ᠶᠢᠨ ᠭᠠᠯᠪᠠ ᠶᠢᠨ ᠬᠤᠪᠣᠷ ᠨᠠᠨᠳᠢᠨ ᠤᠷᠭᠤᠮᠠᠯ ᠤᠨ ᠴᠢᠯᠠᠭᠤᠵᠢᠮᠠᠯ ᠤᠨ ᠰᠦᠷᠦᠭᠵᠢᠯ ᠢᠶᠠᠷ ᠭᠤᠤᠯᠯᠠᠭᠤᠯᠵᠤ᠂ ᠪᠠᠯᠠᠷ ᠡᠷᠲᠡᠨ ᠤ ᠴᠠᠭ ᠦᠶ᠎ᠡ ᠶᠢᠨ ᠭᠠᠯᠲᠤ ᠠᠭᠤᠯᠠ ᠶᠢᠨ ᠰᠦᠷᠴᠢᠯᠲᠡ ᠶᠢᠨ ᠦᠶ᠎ᠡ ᠶᠢᠨ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠢ ᠪᠦᠷᠢᠨ ᠪᠦᠲᠦᠨ ᠬᠠᠳᠠᠭᠠᠯᠠᠵᠤ᠂ ᠫᠧᠷᠮᠢ ᠶᠢᠨ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠳᠦᠷᠰᠦ ᠪᠠᠶᠢᠳᠠᠯ᠂ ᠡᠷᠲᠡᠨ ᠤ ᠠᠭᠤᠷ ᠠᠮᠢᠰᠬᠤᠯ᠂ ᠡᠷᠲᠡᠨ ᠤ ᠣᠷᠴᠢᠨ ᠲᠣᠭᠤᠷᠢᠨ ᠵᠢᠴᠢ ᠳᠡᠯᠡᠬᠡᠶ ᠶᠢᠨ ᠪᠥᠮᠪᠥᠷᠴᠡᠭ ᠤᠨ ᠬᠤᠪᠢᠷᠠᠯᠲᠠ ᠶᠢᠨ ᠶᠠᠪᠤᠴᠠ ᠶᠢ ᠣᠶᠢᠯᠠᠭᠠᠬᠤ ᠳᠤ ᠲᠦᠢᠯ ᠤᠨ ᠬᠤᠪᠤᠷ ᠪᠣᠳᠠᠲᠠᠶ ᠭᠡᠷᠡᠴᠢ ᠪᠠᠷᠢᠮᠲᠠ ᠬᠠᠩᠭᠠᠭᠰᠠᠨ ᠪᠠᠶᠢᠨ᠎ᠠ᠃      ᠲᠤᠰ ᠦᠵᠡᠭᠦᠯᠦᠯᠭᠡ ᠨᠢ ᠡᠯᠪᠡᠭ ᠪᠠᠶᠠᠯᠢᠭ ᠴᠢᠯᠠᠭᠤᠵᠢᠮᠠᠯ ᠤᠨ ᠬᠡᠪ ᠦᠯᠢᠭᠡᠷ᠂ ᠨᠠᠷᠢᠨ ᠪᠣᠳᠠᠲᠠᠶ ᠵᠢᠷᠤᠭ ᠪᠢᠴᠢᠭ ᠤᠨ ᠮᠠᠲ᠋ᠧᠷᠢᠶᠠᠯ ᠵᠢᠴᠢ ᠣᠳᠣᠬᠢᠴᠢᠯᠠᠭᠰᠠᠨ ᠦᠵᠡᠭᠦᠯᠦᠯᠭᠡ ᠶᠢᠨ ᠠᠷᠭ᠎ᠠ ᠪᠠᠷᠢᠯ ᠢᠶᠠᠷ ᠡᠳᠡᠭᠡᠷ ᠡᠷᠲᠡᠨ ᠤ ᠤᠷᠭᠤᠮᠠᠯ ᠤᠨ ᠬᠡᠯᠪᠡᠷᠢ ᠪᠠᠶᠢᠳᠠᠯ ᠤᠨ ᠣᠨᠴᠠᠯᠢᠭ ᠵᠢᠴᠢ ᠲᠡᠭᠦᠨ ᠤ ᠣᠷᠣᠰᠢᠵᠤ ᠪᠠᠶᠢᠭ᠎ᠠ ᠠᠮᠢ ᠠᠬᠤᠶ ᠣᠷᠴᠢᠨ ᠲᠤᠭᠤᠷᠢᠨ ᠢ ᠠᠮᠢᠳᠤᠯᠢᠭ ᠢᠶᠠᠷ ᠢᠯᠡᠷᠡᠭᠦᠯᠵᠦ᠂ ᠡᠷᠲᠡᠨ ᠤ ᠠᠮᠢᠳᠤ ᠪᠣᠳᠠᠰ ᠤᠨ ᠰᠤᠳᠤᠯᠤᠯ ᠤᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠦᠭᠡᠮᠡᠯᠵᠢᠭᠦᠯᠪᠡ᠃ ᠡᠭᠦᠨ ᠤ ᠬᠠᠮᠲᠤ᠂ ᠦᠵᠡᠭᠦᠯᠦᠯᠭᠡ ᠳᠤ ᠪᠠᠰᠠ ᠡᠳᠡᠭᠡᠷ ᠬᠤᠪᠣᠷ ᠨᠠᠨᠳᠢᠨ ᠪᠠᠶᠢᠭᠠᠯᠢ ᠶᠢᠨ ᠥᠪ ᠢ ᠢᠯᠡᠷᠡᠭᠦᠯᠬᠦ᠂ ᠰᠤᠳᠤᠯᠬᠤ ᠪᠠ ᠬᠠᠮᠠᠭᠠᠯᠠᠬᠤ ᠶᠠᠪᠤᠴᠠ ᠶᠢ ᠭᠤᠤᠯᠳᠠᠯᠭ᠎ᠠ ᠲᠠᠢ ᠢᠯᠡᠷᠡᠭᠦᠯᠵᠦ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤᠮᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠴᠢᠬᠤᠯᠠ ᠦᠢᠯᠡᠳᠦᠯ ᠵᠢᠴᠢ ᠪᠠᠶᠢᠭᠠᠯᠢ ᠶᠢᠨ ᠦᠯᠡᠳᠡᠭᠳᠡᠯ ᠢ ᠬᠠᠮᠠᠭᠠᠯᠠᠬᠤ ᠳᠤᠮᠳᠠᠳᠤ ᠶᠢᠨ ᠡᠬᠡ ᠭᠠᠵᠠᠷ ᠤᠨ ᠥᠨᠢ ᠤᠳᠠᠭᠠᠨ ᠲᠡᠦᠬᠡ ᠶᠢ ᠣᠶᠢᠯᠠᠭᠠᠬᠤ ᠪᠠ ᠪᠠᠶᠢᠭᠠᠯᠢ ᠶᠢ ᠬᠦᠨᠳᠦᠳᠬᠡᠬᠦ᠂ ᠭᠡᠷ ᠣᠷᠣᠨ ᠢᠶᠠᠨ ᠬᠠᠶᠢᠷᠠᠯᠠᠬᠤ ᠨᠡᠶᠢᠭᠡᠮ ᠤᠨ ᠬᠡᠪ ᠰᠤᠷᠲᠠᠯ ᠢ ᠪᠤᠶᠢᠵᠢᠭᠤᠯᠬᠤ ᠳᠤ ᠢᠳᠡᠪᠬᠢ ᠠᠴᠢ ᠬᠤᠯᠪᠣᠭᠳᠠᠯ ᠲᠠᠢ ᠪᠠᠶᠢᠬᠤ ᠶᠢ ᠲᠤᠪᠤᠶᠢᠯᠭᠠᠪᠠ᠂ ᠡᠨᠡ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠬᠤ ᠲᠠᠢ ᠨᠢᠭᠲᠠ ᠨᠡᠶᠢᠴᠡᠵᠦ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠣᠯᠤᠨ ᠬᠥᠮᠦᠨ ᠰᠣᠶᠣᠯ ᠤᠨ ᠦᠷᠳᠡᠭ ᠤᠨ ᠠᠭᠤᠰᠤᠯᠴᠠᠯ ᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号