—ᠥᠪᠥᠷ ᠮᠣᠩᠭᠤᠯ ᠤᠨ ᠠᠷᠠᠯᠵᠢᠶᠠᠨ ᠤ ᠲᠦᠬᠦᠷ ᠦᠢᠯᠡᠴᠢᠯᠡᠭᠡ ᠶᠢᠨ ᠭᠠᠳᠠᠭᠠᠲᠤ ᠠᠷᠠᠯᠵᠢᠶᠠᠨ ᠤ | ᠲᠤᠬᠠᠶᠢᠯᠠᠭᠰᠠᠨ ᠠᠵᠢᠯ ᠤᠨ ᠲᠠᠪᠴᠠᠩ ᠤᠨ ᠳᠠᠭᠠᠭᠠᠮᠠᠯ ᠯᠢ ᠱᠤ᠋ ᠶᠠᠨ ᠢ ᠰᠣᠷᠪᠣᠯᠵᠢᠯᠠᠭᠰᠠᠨ ᠨᠢ | 5 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠠᠷᠠᠯᠵᠢᠶᠠᠨ ᠤ ᠲᠦᠬᠦᠷ ᠦᠢᠯᠡᠴᠢᠯᠡᠭᠡ ᠶᠢᠨ | ᠭᠠᠳᠠᠭᠠᠲᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠲᠠᠪᠴᠠᠩ ᠤᠨ ᠳᠠᠭᠠᠭᠠᠮᠠᠯ ᠯᠢ ᠱᠤ᠋ ᠶᠠᠨ | ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠶᠡᠭᠡ ᠬᠤᠷᠠᠯ ᠠᠴᠠ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠬᠢᠭᠡᠳ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ᠂ ᠭᠠᠳᠠᠭᠠᠳᠤ ᠶᠢᠨ ᠬᠥᠮᠥᠷᠭᠡ ᠶᠢᠨ ᠡᠬᠢ ᠪᠠᠶᠠᠯᠢᠭ ᠢ ᠨᠠᠷᠢᠯᠢᠭ ᠣᠨᠣᠴᠠᠲᠠᠶ ᠪᠠᠷ | ᠵᠣᠯᠭᠠᠭᠤᠯᠵᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠭᠰᠠᠨ | ᠪᠠᠶᠢᠨ᠎ᠠ᠃ ᠣᠳᠣᠬᠠᠨ ᠳᠤ᠂ ᠪᠢᠳᠡ ᠶᠠᠭ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠲᠦᠷᠭᠡᠳᠭᠡᠬᠦ︾ | ᠪᠣᠯᠪᠠᠰᠤᠷᠠᠯ ᠤᠨ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠵᠦ ᠪᠠᠶᠢᠨ᠎ᠠ᠂ ᠪᠢᠳᠡ ᠪᠤᠯᠪᠠᠰᠣᠷᠠᠯ ᠳᠤ ᠣᠷᠣᠯᠴᠠᠭᠰᠠᠳ ᠲᠠᠢ | ᠰᠣᠯᠢᠯᠴᠠᠬᠤ ᠪᠠᠷ ᠳᠠᠮᠵᠢᠭᠤᠯᠤᠨ᠂ ᠭᠠᠳᠠᠭᠠᠳᠤ ᠶᠢᠨ ᠬᠥᠮᠥᠷᠭᠡ ᠶᠢᠨ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ ᠪᠠᠭᠤᠷᠠᠭᠤᠯᠬᠤ ᠳᠤ ᠦᠵᠡᠭᠦᠯᠬᠦ ᠴᠢᠬᠤᠯᠠ ᠦᠢᠯᠡᠳᠦᠯ ᠢ ᠭᠦᠨᠵᠡᠭᠡᠶ ᠲᠠᠨᠢᠵᠤ ᠣᠯᠵᠠᠢ ᠭᠡᠵᠡᠢ᠃ | ᠯᠢ ᠱᠦ ᠶᠠᠨ ᠲᠠᠨᠢᠯᠴᠠᠭᠤᠯᠤᠭᠰᠠᠨ ᠨᠢ᠂ ᠥᠪᠥᠷ ᠮᠣᠩᠭᠤᠯ ᠤᠨ ᠠᠷᠠᠯᠵᠢᠶᠠᠨ ᠤ ᠲᠦᠬᠦᠷ ᠦᠢᠯᠡᠴᠢᠯᠡᠭᠡ ᠶᠢᠨ | ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠣᠯ ᠥᠪᠡᠷᠲᠡᠭᠡᠨ ᠵᠠᠰᠠᠬᠤ ᠣᠷᠣᠨ ᠤ | ᠲᠠᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠠᠪᠴᠠᠩ ᠮᠥᠨ᠂ ᠪᠥᠬᠦ | ᠣᠷᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠢᠭᠡ ᠦᠷᠳᠡᠭᠡᠴᠢᠯᠡᠭᠰᠡᠨ ᠮᠠᠶ᠋ᠢᠭ ᠤᠨ ᠪᠥᠬᠦ | ᠶᠠᠪᠤᠴᠠ ᠶᠢᠨ ᠦᠢᠯᠡᠴᠢᠯᠡᠭᠡ ᠬᠠᠩᠭᠠᠬᠤ ᠶᠢᠨ ᠬᠠᠮᠲᠤ ᠴᠢᠨᠠᠷ ᠰᠠᠶᠢᠲᠠᠶ᠂ ᠵᠢᠷᠤᠮᠵᠢᠭᠰᠠᠨ᠂ ᠲᠤᠰᠬᠠᠶ ᠮᠡᠷᠭᠡᠵᠢᠯ ᠤᠨ | ᠮᠡᠳᠡᠭᠡ ᠵᠠᠩᠭᠢᠵᠢᠯᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶᠠᠨ ᠤ | ᠦᠢᠯᠡᠴᠢᠯᠡᠭᠡᠨ ᠤ ᠴᠤᠪᠤᠷᠠᠯ ᠢᠶᠠᠷ ᠭᠤᠤᠯᠯᠠᠬᠤ ᠥᠷᠢᠰᠥᠯᠳᠦᠬᠦ ᠬᠦᠴᠦᠨ ᠪᠣᠯᠭᠠᠵᠤ᠂ ︽ᠡᠬᠢ ᠪᠠᠶᠠᠯᠢᠭ ᠢ ᠨᠡᠶᠢᠳᠭᠡᠵᠦ | ᠨᠠᠷᠢᠯᠢᠭ ᠣᠨᠣᠴᠠᠲᠠᠶ ᠪᠠᠷ ᠵᠣᠯᠭᠠᠭᠤᠯᠬᠤ︾ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ᠭᠠᠳᠠᠭᠠᠳᠤ ᠠᠷᠠᠯᠵᠢᠶᠠᠨ ᠤ | ᠦᠢᠯᠡᠴᠢᠯᠡᠭᠡᠨ ᠤ ᠬᠦᠷᠢᠶᠡᠨ ᠳᠤ ᠥᠪᠡᠷᠮᠢᠴᠡ ᠳᠠᠪᠠᠭᠤᠯᠢᠭ ᠢᠶᠠᠨ ᠢᠯᠡᠷᠡᠭᠦᠯᠪᠡ᠃ ᠶᠡᠭᠡ ᠬᠤᠷᠠᠯ ᠤᠨ ᠠᠵᠠ | ᠲᠣᠬᠢᠶᠠᠯ ᠢ ᠭᠦᠢᠴᠡᠳ ᠠᠰᠢᠭᠯᠠᠬᠤ ᠶᠢᠨ ᠲᠥᠯᠥᠭᠡ᠂ ᠲᠠᠪᠴᠠᠩ ᠠᠴᠠ ᠬᠤᠷᠠᠯ ᠳᠤ ᠣᠷᠣᠯᠴᠠᠭᠰᠠᠨ ᠠᠵᠤ | ᠠᠬᠤᠶᠢᠯᠠᠯ ᠲᠠᠢ ᠤᠷᠢᠳᠴᠢᠯᠠᠨ ᠵᠣᠯᠭᠠᠭᠤᠯᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠭᠠᠳᠠᠭᠠᠳᠤ | ᠠᠷᠠᠯᠵᠢᠶᠠᠨ ᠤ ᠪᠠᠶᠢᠳᠠᠯ ᠪᠣᠯᠤᠨ ᠬᠥᠭᠵᠢᠯᠲᠡ ᠶᠢᠨ ᠴᠢᠭᠯᠡᠯ ᠢ ᠨᠢ ᠭᠦᠨᠵᠡᠭᠡᠶ ᠣᠶᠢᠯᠠᠭᠠᠵᠤ᠂ ᠨᠠᠩ ᠣᠯᠠᠨ | ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠣᠶ ᠪᠣᠯᠭᠠᠬᠤ ᠪᠠᠷ ᠴᠢᠷᠮᠠᠶᠢᠪᠠ ᠭᠡᠵᠡᠢ᠃ | ᠯᠢ ᠱᠤ᠋ ᠶᠠᠨ ᠢᠯᠡᠷᠭᠡᠶᠢᠯᠡᠭᠰᠡᠨ ᠨᠢ᠂ ︽ᠥᠪᠥᠷ ᠮᠣᠩᠭᠤᠯ ᠤᠨ ᠠᠷᠠᠯᠵᠢᠶᠠᠨ ᠤ ᠲᠦᠬᠦᠷ ᠦᠢᠯᠡᠴᠢᠯᠡᠭᠡ︾ ᠨᠢ | ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠪᠣᠯᠤᠭᠰᠠᠨ ᠤ | ᠬᠤᠪᠢ ᠳᠤ᠂ ᠠᠵᠤ ᠠᠬᠤᠶᠢᠯᠠᠯ ᠬᠢᠭᠡᠳ ᠵᠠᠰᠠᠭ ᠤᠨ ᠣᠷᠳᠣᠨ᠂ ᠠᠵᠤ ᠠᠬᠤᠶᠢᠯᠠᠯ ᠬᠢᠭᠡᠳ ᠠᠵᠤ ᠠᠬᠤᠶᠢᠯᠠᠯ᠂ ᠠᠵᠤ | ᠠᠬᠤᠶᠢᠯᠠᠯ ᠬᠢᠭᠡᠳ ᠵᠠᠬ᠎ᠠ ᠳᠡᠯᠭᠡᠭᠦᠷ ᠤᠨ ᠬᠤᠭᠤᠷᠣᠨᠳᠣᠬᠢ ᠬᠥᠭᠦᠷᠭᠡ ᠶᠢ ᠦᠷᠭᠦᠯᠵᠢᠯᠡᠨ ᠪᠠᠶᠢᠭᠤᠯᠵᠤ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠳᠤ ᠴᠠᠭ ᠲᠤᠬᠠᠶ ᠳᠤᠨᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ | ᠠᠷᠠᠯᠵᠢᠶᠠᠨ ᠤ ᠴᠠᠭ ᠤᠨ ᠮᠡᠳᠡᠭᠡ᠂ ᠤᠬᠠᠭᠤᠯᠭ᠎ᠠ ᠲᠠᠨᠢᠯᠴᠠᠭᠤᠯᠭ᠎ᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ | ᠪᠠᠷᠠᠭᠠᠨ ᠤ ᠬᠦᠢᠯᠭᠡᠭᠡ ᠶᠢ ᠵᠣᠯᠭᠠᠭᠤᠯᠬᠤ᠂ ᠠᠷᠠᠯᠵᠢᠶᠠᠨ ᠤ ᠪᠠᠯᠠ ᠲᠣᠬᠢᠷᠠᠭᠤᠯᠭ᠎ᠠ᠂ ᠭᠠᠳᠠᠭᠠᠳᠤ ᠳᠤ ᠭᠠᠷᠭᠠᠬᠤ | ᠢᠲᠡᠭᠡᠮᠵᠢ ᠶᠢᠨ ᠪᠠᠲᠤᠯᠠᠯᠳᠠ᠂ ᠲᠡᠳᠬᠦᠨ ᠳᠡᠮᠵᠢᠬᠦ ᠵᠡᠷᠭᠡ ᠪᠥᠬᠦ ᠲᠠᠯ᠎ᠠ ᠶᠢᠨ ᠲᠥᠬᠦᠮ ᠦᠢᠯᠡᠴᠢᠯᠡᠭᠡ ᠬᠠᠩᠭᠠᠵᠤ᠂ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠢ ᠨᠢ ᠴᠠᠭ ᠲᠤᠬᠠᠶ ᠳᠤᠨᠢ ᠰᠢᠢᠳᠪᠦᠷᠢᠯᠡᠨ᠎ᠡ ᠭᠡᠵᠡᠶ᠃ |