—ᠥᠪᠥᠷ ᠮᠣᠩᠭᠤᠯ ᠤᠨ ᠵᠦᠩ ᠮᠤᠤ ᠰᠢᠨ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ | ᠦᠢᠯᠡᠴᠢᠯᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠿᠦᠩ ᠢ | ᠰᠣᠷᠪᠣᠯᠵᠢᠯᠠᠭᠰᠠᠨ ᠨᠢ | 5 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠵᠦᠩ ᠮᠤᠤ ᠰᠢᠨ ᠬᠠᠩᠭᠠᠯᠭ᠎ᠠ ᠶᠢᠨ ᠬᠡᠯᠬᠢᠶᠡᠨ ᠤ | ᠬᠠᠮᠢᠶᠠᠷᠤᠯᠲᠠ ᠶᠢᠨ ᠦᠢᠯᠡᠴᠢᠯᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ | ᠳᠠᠭᠠᠭᠠᠮᠠᠯ ᠸᠠᠩ ᠿᠦᠩ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ | ᠲᠣᠰ ᠤᠳᠠᠭᠠᠨ ᠤ ᠶᠡᠭᠡ ᠬᠤᠷᠠᠯ ᠠᠴᠠ ᠡᠷᠬᠢᠮ ᠨᠠᠨᠳᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠮᠠᠨ ᠤ | ᠭᠠᠳᠠᠭᠠᠳᠤ ᠳᠠᠬᠢ ᠬᠥᠮᠥᠷᠭᠡ ᠶᠢᠨ ᠦᠢᠯᠡᠴᠢᠯᠡᠭᠡᠨ ᠤ ᠬᠤᠳᠠᠯᠳᠤᠭᠠᠴᠢᠨ ᠡᠯ᠎ᠡ ᠭᠠᠵᠠᠷ ᠤᠨ ᠠᠵᠤ ᠠᠬᠤᠶᠢᠯᠠᠯ ᠲᠠᠢ | ᠰᠢᠭᠤᠳ ᠬᠠᠷᠢᠴᠠᠭ᠎ᠠ ᠪᠠᠶᠢᠭᠤᠯᠵᠠᠶ ᠭᠡᠵᠡᠢ᠃ | ᠸᠠᠩ ᠿᠦᠩ ᠲᠠᠨᠢᠯᠴᠠᠭᠤᠯᠤᠭᠰᠠᠨ ᠨᠢ᠂ ᠥᠪᠥᠷ ᠮᠣᠩᠭᠤᠯ ᠤᠨ ᠵᠥᠩ ᠮᠤᠤ ᠰᠢᠨ ᠬᠠᠩᠭᠠᠯᠭ᠎ᠠ ᠶᠢᠨ | ᠬᠡᠯᠬᠢᠶᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠭᠠᠳᠠᠭᠠᠳᠤ ᠶᠢᠨ | ᠵᠠᠬ᠎ᠠ ᠳᠡᠯᠭᠡᠭᠦᠷ ᠢ ᠦᠷᠭᠦᠯᠵᠢᠯᠡᠨ ᠦᠷᠭᠡᠳᠭᠡᠬᠦ ᠪᠠᠷ ᠳᠠᠮᠵᠢᠭᠤᠯᠤᠨ᠂ ᠨᠢᠭᠡᠨᠲᠡ ᠳ᠋ᠢᠪᠠᠢ ᠳᠤ ᠭᠠᠳᠠᠭᠠᠳᠤ ᠳᠠᠬᠢ | ᠬᠥᠮᠥᠷᠭᠡ ᠶᠢ ᠠᠮᠵᠢᠯᠲᠠ ᠲᠠᠢ ᠪᠠᠶᠢᠭᠤᠯᠵᠤ ᠪᠠᠶᠢᠨ᠎ᠠ᠃ ᠣᠲᠣ ᠪᠣᠯᠲᠠᠯ᠎ᠠ᠂ ᠨᠡᠶᠢᠲᠡ 32 ᠠᠵᠤ ᠠᠬᠤᠶᠢᠯᠠᠯ ᠤᠨ ᠬᠢᠯᠢ | ᠠᠯᠤᠰᠯᠠᠭᠰᠠᠨ ᠵᠠᠬᠢᠶᠠᠯᠠᠭ᠎ᠠ ᠶᠢ ᠪᠡᠶᠡᠯᠡᠭᠦᠯᠵᠦ᠂ ᠪᠠᠷᠠᠭ᠎ᠠ ᠶᠠᠪᠤᠭᠤᠯᠤᠭᠰᠠᠨ ᠬᠡᠮᠵᠢᠶ᠎ᠡ 5000 ᠲᠣᠨ ᠳᠤ ᠬᠦᠷᠴᠦ᠂ | ᠶᠡᠷᠦᠩᠬᠡᠶ ᠪᠠᠷᠠᠭᠠᠨ ᠤ ᠥᠷᠲᠡᠭ 7000 ᠲᠦᠮᠡᠨ ᠲᠥᠭᠦᠷᠢᠭ ᠲᠤ ᠬᠦᠷᠴᠡᠶ᠃ ᠡᠵᠡᠩᠨᠡᠯᠲᠡ ᠶᠢᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠂ ᠭᠠᠳᠠᠭᠠᠳᠤ ᠳᠠᠬᠢ ᠬᠥᠮᠥᠷᠭᠡ ᠶᠢᠨ ᠵᠠᠭᠪᠤᠷ ᠢᠶᠠᠷ ᠳᠠᠮᠵᠢᠭᠤᠯᠤᠨ᠂ ᠠᠵᠤ | ᠠᠬᠤᠶᠢᠯᠠᠯ ᠲᠡᠭᠡᠭᠡᠪᠦᠷᠢ ᠶᠢᠨ ᠥᠪᠡᠷ ᠤᠨ ᠥᠷᠲᠡᠭ ᠢᠶᠠᠨ ᠳᠤᠮᠳᠠᠴᠢ ᠪᠠᠷ 20%— 30% ᠪᠠᠷ ᠪᠠᠭᠤᠷᠠᠭᠤᠯᠪᠠ᠃ | ᠣᠳᠣᠬᠠᠨ ᠳᠤ᠂ ᠭᠠᠳᠠᠭᠠᠳᠤ ᠳᠠᠬᠢ ᠬᠥᠮᠥᠷᠭᠡ ᠨᠢ ᠲᠤᠰᠬᠠᠶ ᠮᠡᠷᠭᠡᠵᠢᠯ ᠤᠨ ᠬᠥᠮᠥᠷᠭᠡᠯᠡᠨ ᠬᠠᠳᠠᠭᠠᠯᠠᠬᠤ᠂ | ᠲᠣᠬᠢᠷᠠᠭᠤᠯᠤᠨ ᠬᠦᠷᠭᠡᠬᠦ ᠵᠢᠴᠢ ᠬᠥᠮᠥᠷᠭᠡ ᠶᠢᠨ ᠬᠠᠳᠠᠭᠠᠯᠠᠯᠲᠠ ᠶᠢᠨ ᠬᠠᠮᠢᠶᠠᠷᠤᠯᠲᠠ ᠶᠢᠨ ᠦᠢᠯᠡᠴᠢᠯᠡᠭᠡ | ᠬᠠᠩᠭᠠᠬᠤ ᠪᠠᠷ ᠪᠠᠷᠠᠬᠤ ᠥᠬᠡᠶ᠂ ᠨᠠᠩ ᠴᠤ ︽ᠥᠯᠢᠭᠡᠷ ᠡᠳ᠋ ᠤᠨ ᠦᠵᠡᠬᠦᠯᠦᠯᠭᠡ— ᠵᠠᠬᠢᠶᠠᠯᠠᠭ᠎ᠠ ᠶᠢᠨ ᠭᠡᠷ᠎ᠡ | ᠭᠦᠢᠴᠡᠳᠭᠡᠬᠦ— ᠦᠷᠭᠦᠯᠵᠢᠯᠡᠨ ᠬᠠᠩᠭᠠᠬᠤ︾ ᠨᠢᠭᠡ ᠦᠷᠳᠡᠭᠡᠴᠢᠯᠡᠭᠰᠡᠨ ᠮᠠᠶ᠋ᠢᠭ ᠤᠨ ᠪᠥᠬᠦ ᠬᠡᠯᠬᠢᠶ᠎ᠡ ᠶᠢᠨ | ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠵᠡᠶ ᠭᠡᠵᠡᠢ᠃ | ᠸᠠᠩ ᠿᠦᠩ ᠢᠯᠡᠷᠭᠡᠶᠢᠯᠡᠭᠰᠡᠨ ᠨᠢ᠂ ᠶᠡᠭᠡ ᠬᠤᠷᠠᠯ ᠤᠨ ᠬᠤᠭᠤᠴᠠᠭᠠᠨ ᠳᠤ᠂ ᠺᠣᠮᠫᠠᠨᠢ ᠠᠴᠠ ᠦᠬᠠᠶ ᠶᠢᠨ | ᠣᠯᠠᠨ ᠠᠵᠤ ᠠᠬᠤᠶᠢᠯᠠᠯ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠤᠭᠲᠠᠵᠤ᠂ ᠬᠤᠶᠢᠰᠢᠳᠠ ᠡᠲᠡᠭᠡᠷ | ᠠᠵᠤ ᠠᠬᠤᠶᠢᠯᠠᠯ ᠤᠨ ᠦᠢᠯᠡᠳᠬᠦᠨ ᠤ ᠣᠨᠴᠠᠯᠢᠭ ᠢ ᠭᠦᠨᠵᠡᠭᠡᠶ ᠣᠶᠢᠯᠠᠭᠠᠵᠤ᠂ ᠭᠠᠳᠠᠭᠠᠳᠤ ᠳᠠᠬᠢ ᠬᠥᠮᠥᠷᠭᠡ ᠶᠢᠨ | ᠵᠠᠭᠪᠤᠷ ᠲᠤ ᠳᠣᠭᠢᠷᠠᠬᠤ ᠦᠢᠯᠡᠳᠭᠦᠨ ᠳᠤ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢᠨ ᠦᠢᠯᠡᠴᠢᠯᠡᠭᠡᠨ ᠤ | ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠦᠬᠠᠶ ᠶᠢᠨ ᠴᠢᠨᠠᠷ ᠰᠠᠶᠢᠲᠠᠶ ᠦᠢᠯᠡᠳᠬᠦᠨ ᠢ ᠪᠥᠬᠦ ᠪᠥᠮᠪᠥᠷᠴᠡᠭ ᠤᠨ | ᠵᠠᠬ᠎ᠠ ᠳᠡᠯᠭᠡᠭᠦᠷ ᠲᠤ ᠭᠠᠷᠭᠠᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠺᠣᠮᠫᠠᠨᠢ ᠠᠴᠠ ᠭᠠᠳᠠᠭᠠᠳᠤ ᠳᠠᠬᠢ | ᠬᠥᠮᠥᠷᠭᠡ ᠶᠢᠨ ᠦᠢᠯᠡᠴᠢᠯᠡᠭᠡᠨ ᠤ ᠴᠢᠳᠠᠪᠬᠢ ᠪᠠᠨ ᠦᠷᠭᠦᠯᠵᠢᠯᠡᠨ ᠰᠢᠯᠢᠳᠡᠭᠵᠢᠭᠦᠯᠵᠦ᠂ ᠳ᠋ᠢᠵᠢᠲ᠋ᠠᠯᠴᠢᠯᠠᠭᠰᠠᠨ | ᠬᠠᠮᠢᠶᠠᠷᠤᠯᠲᠠ ᠶᠢᠨ ᠲᠦᠪᠰᠢᠨ ᠪᠣᠯᠤᠨ ᠲᠤᠬᠠᠢ ᠶᠢᠨ ᠭᠠᠵᠠᠷᠴᠢᠯᠠᠭᠰᠠᠨ ᠦᠢᠯᠡᠴᠢᠯᠡᠭᠡᠨ ᠤ ᠴᠢᠳᠠᠪᠤᠷᠢ ᠪᠠᠨ | ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠨᠡᠩ ᠤᠯᠠᠨ ᠥᠪᠥᠷ ᠮᠣᠩᠭᠤᠯ ᠤᠨ ᠠᠵᠤ ᠠᠬᠤᠶᠢᠯᠠᠯ ᠤᠨ ᠤᠯᠠᠨ ᠤᠯᠤᠰ ᠤᠨ | ᠵᠠᠬ᠎ᠠ ᠳᠡᠯᠭᠡᠭᠦᠷ ᠢ ᠥᠷᠭᠡᠳᠬᠡᠬᠦ ᠳᠤ ᠬᠦᠴᠦᠷᠬᠡᠭ ᠶᠡᠭᠡ ᠬᠠᠩᠭᠠᠯᠭ᠎ᠠ ᠶᠢᠨ ᠬᠡᠯᠬᠢᠶᠡᠨ ᠤ ᠲᠤᠯᠭᠠᠭᠤᠷᠢᠯᠠᠯ ᠬᠠᠩᠭᠠᠵᠤ᠂ | ︽ᠥᠪᠥᠷ ᠮᠣᠩᠭᠤᠯ ᠤᠨ ᠦᠢᠯᠡᠳᠦᠭᠰᠡᠨ ᠢ ᠳᠡᠯᠡᠬᠡᠢ ᠳ᠋ᠠᠬᠢᠨ ᠳᠤ ᠭᠠᠷᠭᠠᠬᠤ︾ ᠠᠵᠤ ᠠᠬᠤᠶᠢᠯᠠᠯ ᠤᠨ ᠡᠭᠦᠷᠭᠡ ᠶᠢ | ᠦᠨᠡᠨ ᠬᠦ ᠪᠡᠶᠡᠯᠡᠭᠦᠯᠦᠨ᠎ᠡ ᠭᠡᠵᠡᠢ᠃ |