ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ  ᠣᠯᠠᠨ ᠤᠯᠤᠰ ᠤᠨ ᠵᠠᠬ᠎ᠠ ᠳᠡᠯᠭᠡᠭᠦᠷ ᠤᠨ ᠰᠢᠨ᠎ᠡ ᠠᠷᠭ᠎ᠠ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2025/5/28
       —ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠭᠠᠳᠠᠭᠠᠳᠤ ᠳᠤ ᠭᠠᠷᠭᠠᠬᠤ ᠪᠣᠷᠣᠯᠠᠭᠤᠯᠭ᠎ᠠ ᠶᠢᠨ ᠬᠠᠷᠢᠭᠤᠴᠠᠯᠭᠠᠲᠠᠨ ᠯᠢ ᠱᠤᠸᠠᠩ ᠢ ᠰᠣᠷᠪᠣᠯᠵᠢᠯᠠᠭᠰᠠᠨ ᠨᠢ    5 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠭᠠᠳᠠᠭᠠᠳᠤ ᠳᠤ ᠭᠠᠷᠭᠠᠬᠤ ᠪᠣᠷᠣᠯᠠᠭᠤᠯᠭ᠎ᠠ ᠶᠢᠨ ᠬᠠᠷᠢᠭᠤᠴᠠᠯᠭᠠᠲᠠᠨ ᠯᠢ ᠱᠤᠸᠠᠩ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠲᠤᠬᠠᠶ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠨᠢ ᠪᠦᠬᠦ ᠬᠤᠲᠠ ᠶᠢᠨ ᠭᠠᠳᠠᠭᠠᠳᠤ ᠳᠠᠬᠢ ︽ᠪᠤᠷᠤᠯᠠᠭᠤᠯᠭ᠎ᠠ ᠶᠢᠨ ᠵᠠᠮ︾ ᠳᠤ ᠠᠩᠬᠠᠷᠣᠯ ᠢᠶᠠᠨ ᠲᠦᠪᠯᠡᠷᠡᠭᠦᠯᠦᠭᠰᠡᠨ ᠠᠵᠤ ᠠᠬᠤᠶᠢᠯᠠᠯ ᠳᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠣᠯᠭᠤᠭᠰᠠᠨ ᠪᠠᠶᠢᠨ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠭᠡᠰᠡᠨ ᠦᠭᠡᠢ᠂ ᠡᠰᠡᠬᠦᠯ᠎ᠡ ᠭᠠᠳᠠᠭᠠᠳᠤ ᠳᠠᠬᠢ ᠬᠥᠮᠥᠷᠭᠡ ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠨᠢ ᠴᠥᠮ ᠵᠠᠰᠠᠭ ᠤᠨ ᠣᠷᠳᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠳᠡᠮᠵᠢᠬᠦ ᠡᠷᠡᠰ ᠵᠣᠷᠢᠭ ᠢ ᠣᠯᠠᠨ ᠳᠤ ᠦᠵᠡᠭᠦᠯᠵᠡᠶ᠃ ᠡᠨᠡ ᠬᠦ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ ᠵᠠᠭᠪᠤᠷ ᠨᠢ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ ᠭᠡᠵᠡᠢ᠃    ᠯᠢ ᠱᠤᠸᠠᠩ ᠲᠠᠨᠢᠯᠴᠠᠭᠤᠯᠤᠭᠰᠠᠨ ᠨᠢ᠂ ᠥᠪᠥᠷ ᠮᠣᠩᠭᠤᠯ ᠤᠨ ᠠᠷᠠᠯᠵᠢᠶᠠᠨ ᠤ ᠲᠦᠬᠦᠷ ᠦᠢᠯᠡᠴᠢᠯᠡᠭᠡ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠨᠢᠭᠡ ᠦᠷᠳᠡᠭᠡᠴᠢᠯᠡᠭᠰᠡᠨ ᠮᠠᠶ᠋ᠢᠭ ᠤᠨ ᠡᠯᠧᠺᠲᠷᠣᠨᠴᠢᠯᠡᠭᠰᠡᠨ ᠪᠦᠬᠦ ᠶᠠᠪᠤᠴᠠ ᠶᠢᠨ ᠦᠢᠯᠡᠴᠢᠯᠡᠭᠡ ᠨᠢ ᠺᠣᠮᠫᠠᠨᠢ ᠶᠢᠨ ᠣᠳᠣᠬᠠᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠬᠡᠷᠡᠭᠴᠡᠭᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠵᠠᠯᠭᠠᠭᠠᠳ᠂ ᠺᠣᠮᠫᠠᠨᠢ ᠠᠴᠠ ︽ᠥᠪᠥᠷ ᠮᠣᠩᠭᠤᠯ ᠤᠨ ᠠᠷᠠᠯᠵᠢᠶᠠᠨ ᠤ ᠲᠦᠬᠦᠷ ᠦᠢᠯᠡᠴᠢᠯᠡᠭᠡ︾ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠲᠡᠭᠡᠷ ᠲᠤᠰᠬᠠᠶ ᠮᠡᠷᠭᠡᠵᠢᠯ ᠤᠨ ᠲᠠᠪᠴᠠᠩ ᠤᠨ ᠬᠦᠴᠦᠨ ᠢ ᠠᠰᠢᠭᠯᠠᠨ᠂ ᠦᠢᠯᠡᠳᠬᠦᠨ ᠤ ᠨᠠᠩ ᠥᠷᠭᠡᠨ ᠠᠭᠤᠳᠠᠮ ᠣᠯᠠᠨ ᠤᠯᠤᠰ ᠤᠨ ᠵᠠᠬ᠎ᠠ ᠳᠡᠯᠭᠡᠭᠦᠷ ᠲᠡᠰᠢ ᠤᠷᠤᠭᠰᠢᠯᠠᠬᠤ ᠶᠢ ᠠᠬᠢᠭᠤᠯᠤᠨ᠎ᠠ᠃ ᠡᠭᠦᠨ ᠤ ᠬᠠᠮᠲᠤ᠂ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠠᠬᠢ ᠬᠥᠮᠥᠷᠭᠡ︾ ᠭᠡᠬᠦ ᠡᠨᠡ ᠬᠦ ᠭᠠᠳᠠᠭᠠᠳᠤ ᠠᠷᠠᠯᠵᠢᠶᠠᠨ ᠤ ᠰᠢᠨ᠎ᠡ ᠵᠠᠭᠪᠤᠷ ᠨᠢ ᠴᠦ ᠺᠣᠮᠫᠠᠨᠢ ᠳᠤ ᠰᠢᠨ᠎ᠡ ᠠᠵᠠ ᠲᠣᠬᠢᠶᠠᠯ ᠣᠯᠭᠤᠵᠤ᠂ ᠭᠠᠳᠠᠭᠠᠳᠤ  ᠳᠠᠬᠢ ᠬᠥᠮᠥᠷᠭᠡ ᠨᠢ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠪᠠᠶᠢᠬᠤ ᠶᠢ ᠪᠠᠲᠤᠯᠠᠵᠤ ᠴᠢᠳᠠᠬᠤ ᠪᠠᠷ ᠪᠠᠷᠠᠬᠤ ᠥᠬᠡᠶ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠴᠦ ᠨᠠᠩ ᠳᠡᠭᠡᠭᠰᠢᠯᠡᠭᠦᠯᠵᠦ ᠴᠢᠳᠠᠨ᠎ᠠ᠂ ᠡᠨᠡ ᠬᠦ ᠵᠠᠭᠪᠤᠷ ᠨᠢ ᠢᠷᠡᠭᠡᠳᠦᠶ ᠶᠢᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠴᠢᠬᠤᠯᠠ ᠲᠤᠯᠭᠠᠭᠤᠷᠢᠯᠠᠯ ᠪᠣᠯᠵᠤ ᠮᠡᠳᠡᠨ᠎ᠡ ᠭᠡᠵᠡᠢ᠃    ᠯᠢ ᠱᠤᠸᠠᠩ ᠢᠯᠡᠷᠭᠡᠶᠢᠯᠡᠭᠰᠡᠨ ᠨᠢ᠂ ᠦᠢᠯᠡᠳᠬᠦ ᠬᠡᠯᠪᠡᠷᠢ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠦᠵᠦᠭᠦᠷ ᠤᠨ ᠵᠠᠬ᠎ᠠ ᠳᠡᠯᠭᠡᠭᠦᠷ ᠲᠠᠢ ᠴᠠᠭ ᠲᠤᠬᠠᠶ ᠳᠤᠨᠢ ᠵᠣᠬᠢᠬᠤ ᠵᠠᠶ ᠲᠠᠢ ᠪᠣᠯᠵᠤ᠂ ᠵᠠᠬ᠎ᠠ ᠳᠡᠯᠭᠡᠭᠦᠷ ᠤᠨ ᠬᠠᠷᠢᠭᠤ ᠲᠤᠰᠬᠠᠯ ᠢ ᠣᠯᠬᠤ ᠪᠠ ᠦᠨ᠎ᠡ ᠬᠠᠩᠰᠢ ᠲᠣᠭᠲᠠᠭᠠᠬᠤ ᠰᠠᠨᠠᠭᠠᠴᠢᠯᠠᠭᠠᠲᠤ ᠡᠷᠬᠡ ᠶᠢ ᠡᠵᠡᠮᠰᠢᠬᠦ ᠳᠤ ᠪᠡᠷᠬᠡ ᠪᠠᠶᠢᠳᠠᠭ ᠶᠤᠮ᠃ ᠭᠡᠲᠡᠯ᠎ᠡ ᠣᠳᠣ ᠦᠶ᠎ᠡ ᠶᠢᠨ ᠭᠠᠳᠠᠭᠠᠳᠤ ᠳᠠᠬᠢ ᠬᠥᠮᠥᠷᠭᠡ ᠨᠢ ᠨᠢᠭᠡᠨᠲᠡ ᠳᠠᠩ ᠭᠠᠭᠴᠠ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢ ᠳᠡᠰ ᠳᠡᠪᠰᠢᠭᠦᠯᠵᠦ ᠤᠶᠤᠨᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠣᠯᠭᠠᠵᠠᠶ᠂ ᠡᠨᠡ ᠨᠢ ᠺᠣᠮᠫᠠᠨᠢ ᠶᠢᠨ ᠦᠢᠯᠡᠳᠪᠦᠷᠢᠯᠡᠯ ᠤᠨ ᠵᠠᠭᠪᠤᠷ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠣᠶᠢᠷᠠᠲᠤᠬᠤ ᠳᠤ ᠰᠢᠨ᠎ᠡ ᠪᠣᠯᠤᠮᠵᠢ ᠬᠠᠩᠭᠠᠭᠰᠠᠨ ᠪᠠᠶᠢᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号