—ᠦᠬᠠᠢ ᠶᠢᠨ ᠠᠷᠠᠯᠵᠢᠶᠠᠨ ᠤ ᠲᠦᠬᠦᠷ ᠦᠢᠯᠡᠴᠢᠯᠡᠭᠡ ᠶᠢᠨ ᠭᠠᠳᠠᠭᠠᠲᠤ ᠠᠷᠠᠯᠵᠢᠶᠠᠨ ᠤ | ᠲᠤᠬᠠᠶᠢᠯᠠᠭᠰᠠᠨ ᠠᠵᠢᠯ ᠤᠨ ᠲᠠᠪᠴᠠᠩ ᠤᠨ ᠶᠡᠷᠦᠩᠬᠡᠢ ᠳᠠᠭᠠᠭᠠᠮᠠᠯ ᠳ᠋ᠦ᠋ ᠵᠢᠶᠠᠨ ᠢ ᠰᠣᠷᠪᠣᠯᠵᠢᠯᠠᠭᠰᠠᠨ ᠨᠢ | 5 ᠰᠠᠷ᠎ᠠ ᠶᠢᠨ 27 ᠤ ᠡᠳᠦᠷ᠂ ᠦᠬᠠᠢ ᠶᠢᠨ ᠠᠷᠠᠯᠵᠢᠶᠠᠨ ᠤ ᠲᠦᠬᠦᠷ ᠦᠢᠯᠡᠴᠢᠯᠡᠭᠡ ᠶᠢᠨ ᠭᠠᠳᠠᠭᠠᠲᠤ | ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠲᠠᠪᠴᠠᠩ ᠤᠨ ᠶᠡᠷᠦᠩᠬᠡᠢ ᠳᠠᠭᠠᠭᠠᠮᠠᠯ ᠳ᠋ᠦ᠋ ᠵᠢᠶᠠᠨ | ᠰᠤᠷᠪᠤᠯᠵᠢᠯᠠᠬᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠲᠣᠰ ᠤᠳᠠᠭᠠᠨ ᠤ ᠶᠡᠭᠡ | ᠬᠤᠷᠠᠯ ᠤᠨ ᠲᠠᠰ ᠳᠠᠪᠬᠤᠷᠭ᠎ᠠ ᠥᠨᠳᠥᠷ᠂ ᠬᠡᠪᠴᠢᠶ᠎ᠡ ᠶᠡᠭᠡ᠂ ᠠᠯᠤᠰ ᠬᠡᠲᠦ ᠶᠢᠨ ᠲᠥᠯᠥᠪᠵᠢᠭᠦᠯᠭᠡ᠂ ᠡᠷᠴᠢᠮ ᠤᠷᠢᠳ | ᠡᠮᠦᠨ᠎ᠡ ᠭᠠᠷᠤᠭ᠎ᠠ ᠥᠬᠡᠶ ᠪᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ | ᠠᠬᠤᠶᠢᠯᠠᠯ ᠳᠤ ᠢᠲᠡᠭᠡᠯ ᠪᠠ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ᠂ ᠪᠠᠰᠠ ᠦᠬᠠᠶ ᠵᠢᠴᠢ | ᠡᠷᠬᠢᠨ ᠲᠣᠭᠤᠷᠢᠨ ᠤ ᠭᠠᠵᠠᠷ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠴᠢᠬᠤᠯᠠ ᠠᠬᠢᠭᠤᠯᠬᠤ | ᠦᠢᠯᠡᠳᠦᠯ ᠦᠵᠡᠭᠦᠯᠬᠦ ᠪᠣᠯᠤᠨ᠎ᠠ ᠭᠡᠵᠡᠶ᠃ | ᠳ᠋ᠦ᠋ ᠵᠢᠶᠠᠨ ᠲᠠᠨᠢᠯᠴᠠᠭᠤᠯᠤᠭᠰᠠᠨ ᠨᠢ᠂ ︽ᠦᠬᠠᠢ ᠶᠢᠨ ᠠᠷᠠᠯᠵᠢᠶᠠᠨ ᠤ ᠲᠦᠬᠦᠷ ᠦᠢᠯᠡᠴᠢᠯᠡᠭᠡ︾ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠤ ᠠᠩᠬᠠᠷᠤᠯ | ᠲᠠᠯᠪᠢᠵᠤ ᠪᠠᠶᠢᠭ᠎ᠠ ᠴᠣᠷ ᠤᠨ ᠭᠠᠭᠴᠠ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ | ᠮᠥᠨ᠂ ᠪᠠᠰᠠ ᠴᠤ ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ | ᠪᠤᠶᠢᠵᠢᠭᠤᠯᠤᠭᠰᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠮᠥᠨ᠃ | ᠲᠠᠪᠴᠠᠩ ᠠᠴᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠢᠭᠡ ᠦᠷᠳᠡᠭᠡᠴᠢᠯᠡᠭᠰᠡᠨ ᠮᠠᠶ᠋ᠢᠭ ᠤᠨ | ᠡᠯᠧᠺᠲᠷᠣᠨᠴᠢᠯᠡᠭᠰᠡᠨ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠭᠠᠳᠠᠭᠠᠳᠤ ᠠᠷᠠᠯᠵᠢᠶᠠᠨ ᠤ | ᠶᠠᠪᠤᠴᠠ ᠳᠠᠬᠢ ᠪᠠᠷᠠᠭᠠᠨ ᠤ ᠭᠦᠢᠯᠭᠡᠭᠡ᠂ ᠪᠣᠭᠤᠮᠲᠠ ᠪᠠᠷ ᠥᠩᠭᠡᠷᠡᠬᠦ᠂ ᠭᠠᠶᠢᠯᠢ ᠪᠤᠴᠠᠭᠠᠬᠤ᠂ ᠪᠠᠯᠠ ᠳᠣᠭᠢᠷᠠᠭᠤᠯᠬᠤ᠂ | ᠢᠲᠡᠭᠡᠮᠵᠢ ᠶᠢᠨ ᠪᠠᠲᠤᠯᠠᠯᠳᠠ ᠵᠡᠷᠭᠡ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠵᠦ᠂ ᠣᠲᠣ ᠨᠢᠭᠡᠨᠲᠡ ᠦᠬᠠᠶ ᠵᠢᠴᠢ | ᠡᠷᠬᠢᠨ ᠲᠣᠭᠤᠷᠢᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ | ᠭᠠᠳᠠᠭᠠᠳᠤ ᠳᠤ ᠭᠠᠷᠭᠠᠬᠤ ᠠᠩᠬᠠᠳᠠᠭᠴᠢ ᠬᠠᠮᠲᠤᠷᠠᠯᠴᠠᠭᠠᠨ ᠤ ᠬᠠᠨᠢᠲᠠᠨ ᠪᠣᠯᠤᠭᠰᠠᠨ ᠪᠠᠶᠢᠨ᠎ᠠ᠃ ᠣᠳᠣᠬᠠᠨ ᠳᠤ | ᠲᠠᠪᠴᠠᠩ ᠳᠡᠭᠡᠷ᠎ᠡ ᠨᠢᠭᠡᠨᠲᠡ 102 ᠭᠡᠷ᠎ᠡ ᠲᠣᠭᠲᠠᠵᠤ᠂ ᠠᠶᠤᠯᠲᠠᠢ ᠬᠢᠮᠢ ᠶᠢᠨ ᠪᠣᠳᠠᠰ ᠤᠨ ᠪᠥᠬᠦ ᠲᠥᠷᠥᠯ ᠢᠯᠭᠠᠯ ᠢ | ᠬᠠᠮᠤᠷᠴᠤ᠂ 2024 ᠣᠨ ᠤ ᠲᠠᠪᠴᠠᠩ ᠤᠨ ᠪᠦᠬᠦ ᠵᠢᠯ ᠤᠨ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ | ᠬᠡᠮᠵᠢᠶ᠎ᠡ ᠨᠢ 6 ᠳ᠋ᠦᠩᠰᠢᠭᠤᠷ ᠲᠥᠭᠦᠷᠢᠭ ᠰᠢᠬᠠᠮ ᠪᠣᠯᠵᠠᠢ ᠭᠡᠵᠡᠢ᠃ | ᠳ᠋ᠦ᠋ ᠵᠢᠶᠠᠨ ᠢᠯᠡᠷᠭᠡᠶᠢᠯᠡᠭᠰᠡᠨ ᠨᠢ᠂ ᠵᠠᠯᠭᠠᠭᠠᠳ ᠦᠬᠠᠢ ᠶᠢᠨ ᠠᠷᠠᠯᠵᠢᠶᠠᠨ ᠤ ᠲᠦᠬᠦᠷ ᠦᠢᠯᠡᠴᠢᠯᠡᠭᠡ ᠶᠢᠨ | ᠭᠠᠳᠠᠭᠠᠲᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠲᠠᠪᠴᠠᠩ ᠠᠴᠠ ᠭᠠᠳᠠᠭᠠᠳᠤ ᠠᠷᠠᠯᠵᠢᠶᠠᠨ ᠤ | ᠦᠢᠯᠡᠴᠢᠯᠡᠭᠡᠨ ᠤ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠬᠠᠢ ᠶᠢᠨ ᠠᠷᠠᠯᠵᠢᠶᠠᠨ ᠤ ᠲᠦᠬᠦᠷ | ᠦᠢᠯᠡᠴᠢᠯᠡᠭᠡ ᠶᠢᠨ ᠭᠠᠳᠠᠭᠠᠲᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠲᠠᠪᠴᠠᠩ ᠤᠨ ᠮᠡᠳᠡᠭᠡ ᠵᠠᠩᠭᠢ ᠶᠢᠨ | ᠬᠤᠯᠪᠣᠯᠳᠤᠯ ᠢ ᠪᠡᠶᠡᠯᠡᠭᠦᠯᠬᠦ ᠶᠢᠨ ᠬᠠᠮᠲᠤ ᠭᠠᠳᠠᠭᠠᠳᠤ ᠠᠷᠠᠯᠵᠢᠶᠠᠨ ᠤ ᠳ᠋ᠢᠵᠢᠲ᠋ᠠᠯᠴᠢᠯᠠᠭᠰᠠᠨ ᠲᠠᠪᠴᠠᠩ ᠢ ᠬᠠᠮᠲᠤ ᠪᠠᠷ | ᠪᠠᠶᠢᠭᠤᠯᠵᠤ᠂ ᠪᠥᠬᠦ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠭᠠᠳᠠᠭᠠᠳᠤ ᠠᠷᠠᠯᠵᠢᠶᠠᠨ ᠤ | ᠡᠬᠢ ᠪᠠᠶᠠᠯᠢᠭ ᠢ ᠨᠡᠶᠢᠳᠭᠡᠬᠦ ᠪᠠᠷ ᠬᠠᠷᠠᠯᠲᠠ ᠪᠣᠯᠭᠠᠵᠤ᠂ ᠨᠠᠩ ᠪᠥᠬᠦ ᠲᠠᠯ᠎ᠠ ᠶᠢᠨ ᠨᠠᠩ ᠲᠤᠰᠬᠠᠶ ᠮᠡᠷᠭᠡᠵᠢᠯ ᠤᠨ | ᠬᠢᠮᠢ ᠶᠢᠨ ᠠᠵᠤ ᠦᠢᠯᠡᠳᠪᠦᠷᠢ ᠶᠢᠨ ᠭᠠᠳᠠᠭᠠᠳᠤ ᠠᠷᠠᠯᠵᠢᠶᠠᠨ ᠤ ᠲᠠᠪᠴᠠᠩ ᠢ ᠪᠣᠶ ᠪᠣᠯᠭᠠᠵᠤ᠂ ᠬᠢᠮᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠥᠷᠭᠡᠳᠬᠡᠬᠦ ᠳᠤ | ᠬᠦᠴᠦᠨ ᠨᠡᠮᠡᠷᠢᠯᠡᠨ᠎ᠡ ᠭᠡᠵᠡᠶ᠃ |