5 ᠰᠠᠷ᠎ᠠ ᠶᠢᠨ 26 ᠤ ᠡᠳᠦᠷ᠂ ᠮᠠᠨ ᠤ ᠬᠤᠲᠠ ᠶᠢᠨ 2025 ᠣᠨ ᠤ ᠬᠤᠶᠠᠷ ᠢ ᠬᠦᠷᠢᠶᠡᠯᠡᠬᠦ ᠶᠠᠷᠢᠯᠴᠠᠬᠤ | ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠢ ᠶᠢᠨ ᠴᠡᠷᠢᠭ ᠤᠨ | ᠬᠤᠪᠢᠶᠠᠷᠢ ᠲᠣᠭᠤᠷᠢᠭ ᠤᠨ ᠤᠯᠤᠰ ᠲᠦᠷᠦ ᠶᠢᠨ ᠭᠡᠰᠢᠭᠦᠨ ᠿᠣᠣ ᠴᠥᠩ ᠱᠤ᠋᠂ ᠬᠤᠳᠠ ᠶᠢᠨ ᠳᠡᠳ᠋ ᠳᠠᠷᠤᠭ᠎ᠠ᠂ | ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠸᠧᠢ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠡ᠃ | ᠶᠠᠷᠢᠯᠴᠠᠬᠤ ᠬᠤᠷᠠᠯ ᠳᠡᠭᠡᠷ᠎ᠡ᠂ ᠬᠤᠳᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠲᠤᠪᠴᠢᠶ᠎ᠠ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠦᠷᠦ ᠶᠢᠨ ᠠᠵᠢᠯ ᠤᠨ ᠭᠠᠵᠠᠷ 2024 | ᠣᠨ ᠠᠴᠠ ᠨᠠᠰᠢᠬᠢ ᠬᠤᠶᠠᠷ ᠢ ᠬᠦᠷᠢᠶᠡᠯᠡᠭᠰᠡᠨ ᠠᠵᠢᠯ ᠤᠨ ᠪᠠᠶᠢᠳᠠᠯ ᠢᠶᠠᠨ ᠲᠤᠰ ᠲᠤᠰ ᠬᠠᠷᠢᠭᠤ ᠮᠡᠳᠡᠭᠦᠯᠵᠦ᠂ ᠡᠯ᠎ᠡ | ᠰᠠᠯᠠᠭ᠎ᠠ ᠮᠥᠴᠢᠷ ᠤᠨ ᠬᠢᠨ ᠴᠡᠷᠢᠭ ᠠᠩᠬᠢ ᠪᠠ ᠣᠷᠣᠨ ᠨᠤᠲᠤᠭ ᠤᠨ ᠬᠠᠷᠢᠯᠴᠠᠨ ᠪᠣᠳᠠᠲᠠᠢ ᠶᠠᠪᠤᠳᠠᠯ ᠬᠢᠬᠦ ︽ᠬᠤᠣᠰ | ᠨᠠᠷᠢᠨ ᠲᠠᠩᠰᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠿᠣᠣ ᠴᠥᠩ ᠱᠣ᠋ ᠬᠡᠯᠡᠭᠰᠡᠨ ᠨᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ | ᠬᠡᠮᠵᠢᠶᠡᠨ ᠤ ᠴᠢᠬᠤᠯᠠᠴᠢᠯᠠᠯ ᠳᠣᠣᠷ᠎ᠠ᠂ ᠪᠦᠬᠦ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠢᠯᠡᠳᠲᠡ ᠠᠮᠵᠢᠯᠲᠠ | ᠣᠯᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠵᠠᠯᠭᠠᠭ᠎ᠠ ᠪᠠᠷ ᠭᠤᠷᠪᠠ ᠤᠳᠠᠭ᠎ᠠ | ᠮᠠᠩᠯᠠᠶᠢᠯᠠᠭᠤᠯᠬᠤ ᠶᠢ ᠠᠮᠵᠢᠯᠲᠠ ᠲᠠᠢ ᠪᠡᠶᠡᠯᠡᠭᠦᠯᠪᠡ᠃ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ | ᠢᠷᠠᠭᠤ ᠠᠯᠳᠠᠷ ᠢᠶᠠᠨ ᠨᠠᠨᠳᠢᠩᠨᠠᠵᠤ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠬᠤᠶᠠᠷ ᠢ | ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠴᠡᠷᠢᠭ ᠠᠩᠭᠢ ᠪᠠ ᠣᠷᠣᠨ ᠨᠤᠲᠤᠭ | ᠣᠷᠣᠯᠴᠠᠬᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ | ᠪᠣᠶ ᠪᠣᠯᠭᠠᠬᠤ ᠬᠡᠷᠡᠭᠲᠡᠶ ᠭᠡᠵᠡᠢ᠃ | ᠵᠠᠩ ᠸᠧᠢ ᠢᠯᠡᠷᠭᠡᠶᠢᠯᠡᠭᠰᠡᠨ ᠨᠢ᠂ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ | ᠡᠰᠡᠷᠭᠦᠴᠡᠭᠰᠡᠨ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠭᠰᠡᠨ ᠲᠠᠶᠢᠨ ᠢᠯᠠᠯᠲᠠ ᠣᠯᠤᠭᠰᠠᠨ 80 ᠵᠢᠯ ᠤᠨ | ᠤᠢ ᠪᠣᠯᠤᠨ᠎ᠠ᠂ ᠮᠥᠨᠴᠦ ᠰᠢᠨ᠎ᠡ ᠨᠢᠭᠡ ᠬᠤᠭᠤᠴᠠᠭᠠᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ | ᠪᠠᠶᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠣᠷᠭᠢᠯᠤᠮ᠎ᠠ | ᠬᠠᠯᠠᠭᠤᠨ ᠠᠵᠢᠯ ᠤᠨ ᠬᠠᠯᠠᠭᠤᠨ ᠰᠡᠳᠬᠢᠯᠭᠡ ᠪᠠᠨ ᠦᠷᠭᠦᠯᠵᠢᠯᠡᠨ ᠪᠠᠲᠤᠯᠠᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ ᠠᠵᠢᠯ ᠶᠠᠪᠤᠳᠠᠯ ᠬᠢᠵᠦ᠂ ᠴᠡᠷᠢᠭ ᠢᠶᠠᠨ ᠬᠦᠷᠢᠶᠡᠯᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ | ᠦᠬᠠᠢ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠡᠢ᠃ |