2025 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/5/28
     5 ᠰᠠᠷ᠎ᠠ ᠶᠢᠨ 27 ᠤ ᠡᠳᠦᠷ᠂ 2025 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠬᠠᠶ ᠨᠠᠭᠤᠷ ᠤᠨ ᠰᠡᠯᠡᠭᠦᠴᠡᠯ ᠠᠮᠠᠷᠠᠯᠲᠠ ᠶᠢᠨ ᠣᠷᠣᠨ ᠤ ᠨᠢᠭᠡᠳᠦᠭᠡᠷ ᠭᠠᠷᠠᠮ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠦᠬᠠᠢ ᠬᠤᠳᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠳᠤ ᠲᠤᠭ ᠣᠯᠭᠤᠬᠤ ᠶᠣᠰᠣᠯᠠᠯ ᠶᠠᠪᠤᠭᠤᠯᠵᠤ᠂ ᠰᠢᠨ᠎ᠡ ᠪᠠᠷ ᠮᠠᠭᠠᠳᠯᠠᠨ ᠲᠤᠭᠳᠠᠭᠠᠭᠰᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠰᠢᠯᠢᠳᠡᠭ ᠢᠶᠠᠷ ᠦᠨᠡᠯᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠫᠠᠶᠢᠰᠠ ᠣᠯᠭᠤᠭᠰᠠᠨ ᠪᠥᠭᠡᠳ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠰᠠᠮᠪᠠᠷ᠎ᠠ ᠳᠤ ᠫᠠᠶᠢᠰᠠ ᠡᠯᠭᠦᠭᠰᠡᠨ ᠠᠵᠤ ᠠᠬᠤᠶᠢᠯᠠᠯ ᠳᠤ ᠱᠠᠩᠨᠠᠯ ᠵᠢᠴᠢ ᠨᠥᠬᠦᠪᠥᠷᠢ ᠶᠢᠨ ᠪᠡᠯᠡ ᠮᠥᠩᠭᠦ ᠣᠯᠭᠤᠪᠡ᠃ ᠡᠭᠦᠨ ᠤ ᠬᠠᠮᠲᠤ᠂ ᠲᠤᠬᠠᠶ ᠶᠢᠨ ᠲᠠᠯᠠᠪᠠᠢ ᠳᠤ ᠪᠠᠰᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠬᠦᠯᠦᠯᠭᠡ ᠶᠢᠨ ᠲᠣᠭᠤᠷᠢᠭ ᠲᠤᠬᠢᠷᠠᠭᠤᠯᠵᠤ᠂ ᠴᠥᠭᠡᠨ ᠪᠤᠰᠤ ᠬᠤᠲᠠ ᠶᠢᠨ ᠠᠷᠠᠳ ᠢ ᠲᠡᠳᠡᠨ ᠠᠪᠴᠢᠷᠠᠵᠤ ᠲᠣᠭᠤᠷᠢᠨ ᠦᠵᠡᠪᠡ᠃      ᠡᠨᠡ ᠵᠢᠯ ᠤᠨ 5 ᠰᠠᠷ᠎ᠠ ᠶᠢᠨ 24 ᠤ ᠡᠳᠦᠷ ᠠᠴᠠ 31 ᠤ ᠡᠳᠦᠷ ᠪᠣᠯᠲᠠᠯ᠎ᠠ ᠪᠣᠯ ᠬᠤᠷᠢᠨ ᠲᠠᠪᠤᠳᠤᠭᠠᠷ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠪᠤᠯᠤᠨ᠎ᠠ᠂ ︽ᠰᠢᠨ᠎ᠡ ᠶᠢ ᠡᠭᠦᠳᠬᠦ ᠬᠥᠭᠵᠢᠯᠲᠡ ᠳᠤ ᠵᠤᠷᠢᠭ ᠢᠶᠠᠨ ᠬᠦᠪᠴᠢᠯᠡᠵᠦ  ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠤᠶ᠎ᠠ︾ ᠭᠡᠬᠦ ᠪᠠᠷ ᠭᠤᠤᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ ᠶᠤᠮ᠃      ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶᠠᠨ ᠤ ᠲᠥᠯᠥᠪᠵᠢᠭᠦᠯᠭᠡ ᠬᠢᠭᠡᠳ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭᠠᠨ ᠤ ᠳᠠᠷᠤᠭ᠎ᠠ ᠰᠢᠤᠢ ᠽᠦᠩ ᠸᠧᠶ ᠲᠠᠨᠢᠯᠴᠠᠭᠤᠯᠤᠭᠰᠠᠨ ᠨᠢ᠂ ᠵᠠᠯᠭᠠᠭᠠᠳ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠲᠠᠶᠢᠯᠤᠮᠵᠢ ᠵᠡᠷᠭᠡ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠪᠠ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号