ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠪᠣᠯᠤᠨ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢᠨ ᠠᠵᠤ ᠠᠬᠤᠶᠢᠯᠠᠯ ᠤᠨ ᠲᠤᠬᠠᠶ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/5/28
     5 ᠰᠠᠷ᠎ᠠ ᠶᠢᠨ 27 ᠤ ᠡᠳᠦᠷ᠂ 2025 ᠣᠨ ᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠪᠠ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢᠨ ᠠᠵᠤ ᠠᠬᠤᠶᠢᠯᠠᠯ ᠤᠨ ᠲᠤᠬᠠᠶ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠮᠠᠨ ᠤ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠢᠶᠠᠨᠵᠢᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠢᠴᠢ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ᠂ ᠭᠤᠤᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠵᠢᠴᠢ ᠲᠢᠶᠠᠨᠵᠢᠨ ᠤ ᠭᠠᠷᠠᠮ ᠤᠨ ᠶᠠᠪᠤᠳᠠᠯ ᠤᠨ ᠪᠦᠯᠦᠭᠯᠡᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠡ᠃      ᠬᠤᠷᠠᠯ ᠳᠡᠭᠡᠷ᠎ᠡ᠂ ︽ᠥᠪᠥᠷ ᠮᠣᠩᠭᠤᠯ ᠤᠨ ᠠᠷᠠᠯᠵᠢᠶᠠᠨ ᠤ ᠲᠦᠬᠦᠷ ᠦᠢᠯᠡᠴᠢᠯᠡᠭᠡ︾ ᠶᠢᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠠᠨᠢᠯᠴᠠᠭᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠥᠪᠥᠷ ᠮᠣᠩᠭᠤᠯ ᠤᠨ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠲᠤᠷᠰᠢᠯᠭ᠎ᠠ ᠪᠠᠨ ᠬᠤᠪᠢᠶᠠᠯᠴᠠᠵᠤ᠂ ᠲᠢᠶᠠᠨᠵᠢᠨ ᠤ ᠭᠠᠷᠠᠮ ᠤᠨ ᠶᠠᠪᠤᠳᠠᠯ ᠤᠨ ᠪᠦᠯᠦᠭᠯᠡᠯ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠳᠤ ᠠᠰᠢᠭ ᠬᠦᠷᠲᠡᠭᠡᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠲᠤᠰᠬᠠᠶ ᠮᠡᠷᠭᠡᠵᠢᠯᠲᠡᠳ ᠭᠠᠳᠠᠭᠠᠳᠤ ᠠᠷᠠᠯᠵᠢᠶᠠᠨ ᠤ ᠪᠠᠶᠢᠳᠠᠯ ᠪᠠ ᠭᠠᠳᠠᠭᠠᠳᠤ ᠳᠠᠬᠢ ᠬᠥᠮᠥᠷᠭᠡ ᠶᠢᠨ ᠬᠥᠭᠵᠢᠯᠲᠡ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠴᠤ ᠬᠢᠴᠢᠶᠡᠯ ᠣᠷᠣᠪᠠ᠃      ᠲᠣᠰ ᠤᠳᠠᠭᠠᠨ ᠤ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠨᠢ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠬᠡᠪᠴᠢᠶ᠎ᠡ ᠪᠠᠨ ᠲᠣᠭᠲᠠᠪᠤᠷᠢᠵᠢᠭᠤᠯᠵᠤ ᠪᠦᠲᠦᠴᠡ ᠪᠠᠨ ᠰᠢᠯᠢᠳᠡᠭᠵᠢᠭᠦᠯᠬᠦ ᠶᠢ ᠠᠬᠢᠭᠤᠯᠬᠤ ᠲᠠᠯ᠎ᠠ ᠪᠠᠷ ᠬᠢ ᠦᠷ᠎ᠡ ᠪᠦᠲᠦᠭᠡᠯ ᠢᠶᠠᠨ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠬᠢᠭᠡᠳ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠪᠠ ᠭᠠᠳᠠᠭᠠᠳᠤ ᠳᠠᠬᠢ ᠬᠥᠮᠥᠷᠭᠡ ᠶᠢᠨ ᠡᠬᠢ ᠪᠠᠶᠠᠯᠢᠭ ᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠬᠦ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠣᠯᠠᠨ ᠤᠯᠤᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠷᠠᠯ ᠤᠨ ᠳᠠᠷᠠᠭ᠎ᠠ᠂ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠢᠴᠢ ᠬᠤᠯᠪᠣᠭᠳᠠᠯ ᠪᠥᠬᠦᠶ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ᠂ ᠭᠠᠳᠠᠭᠠᠳᠤ ᠳᠠᠬᠢ ᠬᠥᠮᠥᠷᠭᠡ ᠶᠢᠨ ᠠᠵᠤ ᠠᠬᠤᠶᠢᠯᠠᠯ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠥᠪᠥᠷ ᠮᠣᠩᠭᠤᠯ ᠤᠨ ᠵᠢᠶᠠ ᠿᠦᠢ ᠮᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠶᠧ ᠴᠧᠩ ᠣᠷᠭᠠᠨᠢᠭ ᠴᠠᠬᠢᠭᠤᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠪᠠᠨ ᠲᠣᠭᠲᠠᠪᠤᠷᠢᠵᠢᠭᠤᠯᠵᠤ ᠪᠦᠲᠦᠴᠡ ᠪᠠᠨ ᠰᠢᠯᠢᠳᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠣᠶᠢᠯᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号