5 ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠠᠷᠠᠯᠵᠢᠶ᠎ᠠ ᠶᠢ | ᠠᠬᠢᠭᠤᠯᠬᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠡᠭᠡᠵᠢᠩ ᠤᠨ ᠣᠯᠠᠨ ᠤᠯᠤᠰ ᠤᠨ | ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠵᠠᠩ ᠵᠢᠶᠠᠨ ᠸᠧᠶ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ | ᠮᠠᠨ ᠤ ᠬᠤᠲᠠ ᠳᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃ ᠪᠡᠭᠡᠵᠢᠩ ᠬᠤᠲᠠ ᠶᠢᠨ ᠠᠷᠠᠯᠵᠢᠶ᠎ᠠ ᠶᠢ | ᠠᠬᠢᠭᠤᠯᠬᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ᠂ | ᠪᠡᠭᠡᠵᠢᠩ ᠤᠨ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ | ᠳᠠᠷᠤᠭ᠎ᠠ ᠵᠦ ᠵᠢᠶᠠ ᠯᠢᠶᠠᠩ ᠰᠢᠨᠵᠢᠯᠡᠨ ᠪᠠᠶᠢᠴᠠᠭᠠᠬᠤ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠨ ᠱᠤᠸᠠᠩ ᠪᠠᠷ᠎ᠠ ᠪᠣᠯᠵᠤ ᠰᠢᠨᠵᠢᠯᠡᠨ | ᠪᠠᠶᠢᠴᠠᠭᠠᠪᠠ᠃ | ᠵᠠᠩ ᠵᠢᠶᠠᠨ ᠸᠧᠢ ᠨᠠᠷ ᠤᠷᠢᠳ ᠬᠤᠵᠢᠳ ᠴᠢᠩ ᠲᠤᠤ ︵ᠦᠬᠠᠢ︶ ᠡᠨᠧᠷᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠺᠣᠮᠫᠠᠨᠢ᠂ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠵᠡᠷᠭᠡ | ᠭᠠᠵᠠᠷ ᠢᠶᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠮᠠᠨ ᠤ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠰᠣᠶᠣᠯ | ᠵᠢᠭᠤᠯᠴᠢᠯᠠᠯ ᠤᠨ ᠠᠵᠤ ᠦᠢᠯᠡᠰ ᠵᠡᠷᠭᠡ ᠲᠠᠯ᠎ᠠ ᠶᠢᠨ ᠰᠡᠳᠬᠢᠴᠡ ᠠᠷᠭ᠎ᠠ ᠬᠡᠮᠵᠢᠶ᠎ᠡ ᠪᠣᠯᠤᠨ ᠠᠵᠢᠯ ᠤᠨ ᠦᠷ᠎ᠡ | ᠪᠦᠲᠦᠮᠵᠢ ᠶᠢ ᠣᠶᠢᠯᠠᠭᠠᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠮᠠᠨ ᠤ ᠬᠤᠲᠠ ᠶᠢᠨ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ | ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠦᠬᠠᠢ ᠶᠠᠭ ᠠᠮᠢ ᠠᠬᠤᠢ ᠶᠢ ᠣᠷᠢᠳᠠᠪᠡᠷ ᠪᠣᠳᠤᠯᠬᠢᠯᠠᠭᠰᠠᠨ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠰᠠᠶᠢᠲᠤᠷ ᠵᠠᠮᠨᠠᠵᠤ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃ ᠰᠢᠨᠵᠢᠯᠡᠨ ᠪᠠᠶᠢᠴᠠᠭᠠᠬᠤ | ᠪᠦᠯᠬᠦᠮ ᠤᠨ ᠭᠡᠰᠢᠭᠦᠳ ᠢᠯᠡᠷᠭᠡᠶᠢᠯᠡᠭᠰᠡᠨ ᠨᠢ᠂ ᠬᠤᠶᠠᠷ ᠭᠠᠵᠠᠷ ᠤᠨ ᠶᠠᠪᠤᠯᠴᠠᠭ᠎ᠠ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠴᠢᠩᠭᠠᠳᠬᠠᠵᠤ᠂ ᠠᠵᠤ | ᠦᠢᠯᠡᠰ ᠤᠨ ᠬᠥᠭᠵᠢᠯᠲᠡ᠂ ᠴᠢᠳᠠᠪᠤᠷᠢᠲᠠᠨ ᠤ ᠰᠣᠯᠢᠯᠴᠠᠭ᠎ᠠ᠂ ᠰᠣᠶᠣᠯ ᠤᠨ ᠦᠢᠯᠡᠳᠦᠯᠴᠡᠯ᠂ ᠠᠵᠤ ᠠᠬᠤᠶ | ᠠᠷᠠᠯᠵᠢᠶᠠᠨ ᠤ ᠶᠠᠪᠤᠯᠴᠠᠭ᠎ᠠ ᠵᠡᠷᠭᠡ ᠣᠯᠠᠨ ᠬᠦᠷᠢᠶᠡᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠵᠦ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ | ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ |