ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ  ᠼᠦᠢ ᠵᠢᠩ ᠶᠢᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/5/29
     5 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠲᠣᠪᠤᠶᠢᠮ᠎ᠠ ᠠᠰᠠᠭᠤᠳᠠᠯ ᠢ ᠦᠨᠡᠨ ᠪᠣᠳᠠᠲᠠᠶ ᠪᠠᠷ ᠵᠠᠯᠠᠷᠠᠭᠤᠯᠵᠤ᠂ ᠰᠢᠯᠢᠳᠡᠭ ᠰᠤᠷᠲᠠᠯ ᠢᠶᠠᠷ ᠠᠵᠢᠯ ᠬᠢᠵᠦ ᠦᠢᠯᠡᠰ ᠪᠤᠰᠬᠠᠵᠤ᠂ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠵᠤ᠂ ᠪᠣᠯᠪᠠᠰᠤᠨ ᠢ ᠬᠥᠮᠦᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠡᠪᠲᠡᠷᠡᠭᠦᠯᠦᠨ ᠠᠬᠢᠭᠤᠯᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠨᠡᠩ ᠭᠦᠨᠵᠡᠭᠡᠢ ᠪᠥᠭᠡᠳ ᠪᠣᠳᠠᠲᠠᠢ ᠪᠦᠲᠦᠮᠵᠢᠲᠡᠢ ᠪᠣᠯᠭᠠᠬᠤ ᠬᠡᠷᠡᠭᠲᠡᠢ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠡᠮᠳᠡᠭᠴᠦᠳ ᠢ ᠣᠶᠢᠯᠠᠭᠠᠬᠤ᠂ ᠬᠦᠨᠳᠦᠳᠬᠡᠬᠦ᠂ ᠬᠠᠯᠠᠮᠵᠢᠯᠠᠬᠤ᠂ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠵᠠᠰᠠᠭ ᠤᠨ ᠪᠠᠶᠢᠭᠤᠯᠭ᠎ᠠ ᠰᠠᠶᠢᠲᠣᠷ ᠠᠷᠪᠢᠯᠠᠨ ᠭᠠᠮᠨᠠᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠭᠦᠨᠵᠡᠭᠡᠢ ᠲᠣᠣᠱᠯᠠᠭᠤᠯᠵᠤ᠂ ᠴᠢᠩᠭᠠᠳᠬᠠᠬᠤ ᠪᠠ ᠲᠦᠭᠦᠮᠴᠢᠯᠡᠬᠦ ᠶᠢ ᠪᠠᠷᠢᠮᠲᠠᠯᠠᠵᠤ᠂ ᠲᠦᠷᠦᠭᠦᠯᠡᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠨᠡᠩ ᠤᠯᠠᠨ ᠪᠡᠯᠡ ᠮᠥᠩᠭᠦ ᠶᠢ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠬᠡᠷᠡᠭᠯᠡᠬᠦ ᠬᠡᠷᠡᠭᠲᠡᠢ᠃ ᠪᠦᠬᠦ ᠤᠯᠤᠰ᠂ ᠪᠦᠬᠦ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠶᠢᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢ ᠡᠷᠬᠢᠮᠯᠡᠬᠦ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ ᠴᠢᠳᠠᠪᠤᠷᠢ ᠪᠠᠨ ᠴᠢᠩᠭᠠᠳᠬᠠᠬᠤ ᠶᠢ ᠪᠡᠶᠡᠯᠡᠭᠦᠯᠵᠦ᠂ ︽ᠭᠤᠷᠪᠠ ᠳᠤ ᠦᠢᠯᠡᠴᠢᠯᠡᠬᠦ︾ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ 2025 ᠣᠨ ᠤ ᠬᠤᠶᠠᠳᠤᠭᠠᠷ ᠤᠯᠠᠷᠢᠯ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号