5 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠤᠤ ᠪᠥᠸᠧ | ᠣᠷᠣᠯᠴᠠᠪᠡ᠃ | | | | | ᠵᠧᠦ ᠶᠢᠨ ᠰᠢᠩ ᠤᠷᠢᠳ ᠬᠤᠵᠢᠳ ᠥᠪᠥᠷ ᠮᠣᠩᠭᠤᠯ ᠤᠨ ᠵᠢᠶᠠ ᠿᠦᠢ ᠮᠢ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠦᠬᠠᠢ ᠶᠢᠨ ᠬᠠᠢ ᠢ ᠲᠦᠩ ᠶᠢᠨ ᠯᠦᠩ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ᠂ | ᠦᠢᠯᠡᠳᠬᠦᠨ ᠤ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠢ ᠨᠠᠷᠢᠨ | ᠣᠶᠢᠯᠠᠭᠠᠪᠠ᠃ ᠲᠡᠷᠡ ᠬᠡᠯᠡᠭᠰᠡᠨ ᠨᠢ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠦᠢᠯᠡᠳᠬᠦᠨ ᠤ | ᠦᠷᠢᠰᠦᠯᠳᠦᠬᠦ ᠬᠦᠴᠦᠨ ᠴᠢᠩᠭ᠎ᠠ᠂ ᠬᠥᠭᠵᠢᠯᠲᠡ ᠶᠢᠨ ᠳᠠᠯᠳᠠ ᠬᠦᠴᠦᠨ ᠭᠦᠢᠴᠡᠳ ᠪᠠᠶᠢᠵᠤ᠂ ᠮᠠᠨ ᠤ ᠬᠤᠳᠠ ᠶᠢᠨ | ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ | ᠴᠢᠬᠤᠯᠠ ᠬᠦᠴᠦᠨ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠨ ᠴᠢᠩᠭᠠᠳᠬᠠᠵᠤ᠂ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠢ ᠨᠡᠮᠡᠭᠳᠡᠭᠦᠯᠦᠨ᠂ ᠭᠦᠨᠵᠡᠭᠡᠶ | ᠪᠥᠭᠡᠳ ᠨᠠᠷᠢᠨ ᠬᠤᠪᠢᠶᠠᠵᠤ᠂ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠥᠷᠢᠯᠡᠵᠦ ᠬᠡᠯᠬᠢᠶ᠎ᠡ ᠪᠠᠨ | ᠴᠢᠩᠭᠠᠳᠬᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠭᠰᠡᠨ ᠨᠡᠩ | ᠣᠯᠠᠨ ᠦᠵᠦᠭᠦᠷ ᠦᠢᠯᠡᠳᠬᠦᠨ ᠢ ᠭᠠᠷᠭᠠᠵᠤ᠂ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠪᠠ ᠠᠵᠢᠯ ᠲᠦᠷᠦᠯ ᠤᠨ | ᠦᠭᠡ ᠬᠡᠯᠡᠬᠦ ᠡᠷᠬᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠵᠢᠭᠡᠯᠡᠯᠭᠡ᠂ | ᠲᠤᠬᠠᠶᠢᠯᠠᠭᠰᠠᠨ ᠠᠵᠢᠯ ᠢ ᠨᠢ ᠥᠷᠭᠡᠳᠬᠡᠬᠦ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠲᠠᠪᠴᠠᠩ ᠪᠠᠶᠢᠭᠤᠯᠵᠤ᠂ ᠪᠣᠷᠣᠯᠠᠭᠤᠯᠭ᠎ᠠ ᠶᠢᠨ ᠵᠠᠮ ᠢ ᠨᠢ | ᠥᠷᠭᠡᠳᠬᠡᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠳᠤ ᠰᠠᠶᠢᠨ | ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃ | |