ᠵᠧᠦ ᠶᠢᠨ ᠰᠢᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠨᠠᠨ ᠼᠧ ᠸᠧᠨ᠂ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠽᠤ᠋ ᠰᠧ ᠵᠢᠶᠧ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/29
     5 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠨᠠᠨ ᠼᠧ ᠸᠧᠨ᠂ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ᠂ ᠶᠡᠷᠦᠩᠬᠡᠢ ᠢᠨᠵᠧᠨᠧᠷ ᠽᠤ᠋ ᠰᠧ ᠵᠢᠶᠧ᠂ ᠴᠢᠩ ᠲᠤᠤ ︵ᠺᠦᠨᠱᠠᠨ︶ ᠡᠨᠧᠷᠭᠢ ᠶᠢᠨ ᠬᠦᠭᠵᠢᠬᠦᠯᠦᠯᠳᠡ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠹᠧᠩ ᠢᠦᠢ ᠴᠤᠸᠠᠨ ᠨᠡᠷ ᠲᠠᠢ ᠠᠭᠤᠯᠵᠠᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠦᠸᠧ ᠢ ᠵᠢᠶᠧ᠂ ᠭᠤᠤ ᠪᠥᠸᠧ ᠣᠷᠣᠯᠴᠠᠪᠡ᠃

     ᠵᠧᠦ ᠶᠢᠨ ᠰᠢᠩ ᠨᠠᠨ ᠼᠧ ᠸᠧᠨ᠂ ᠽᠦ ᠰᠧ ᠵᠢᠶᠧ᠂ ᠹᠧᠩ ᠢᠦᠢ ᠴᠤᠸᠠᠨ ᠨᠠᠷ ᠤᠨ ᠬᠦᠷᠦᠯᠴᠡᠨ ᠢᠷᠡᠭᠰᠡᠨ ᠢ

ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠬᠠᠢ ᠶᠢᠨ ᠠᠵᠤ ᠦᠢᠯᠡᠰ ᠤᠨ ᠰᠠᠭᠤᠷᠢ

ᠰᠠᠶᠢᠨ᠂ ᠡᠬᠢ ᠪᠠᠶᠠᠯᠢᠭ ᠤᠨ ᠡᠯᠧᠮᠧᠨ᠋ᠲ ᠲᠥᠪᠯᠡᠷᠡᠭᠬᠦᠢ᠂ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ ᠪᠠᠶᠢᠵᠤ᠂

ᠰᠢᠨ᠎ᠡ ᠡᠨᠧᠷᠭᠢ ᠶᠢ ᠰᠢᠩᠭᠡᠭᠡᠬᠦ᠂ ᠵᠢᠯᠣᠭᠤᠴᠢ ᠦᠭᠡᠢ ᠲᠡᠷᠭᠡ ᠵᠢᠯᠣᠭᠤᠳᠬᠤ ᠵᠡᠷᠭᠡ ᠰᠢᠨ᠎ᠡ ᠮᠡᠷᠭᠡᠵᠢᠯ᠂ ᠰᠢᠨ᠎ᠡ

ᠦᠢᠯᠡᠳᠬᠦᠨ ᠤ ᠲᠠᠯ᠎ᠠ ᠪᠠᠷ ᠡᠯᠪᠡᠭ ᠪᠠᠶᠠᠯᠢᠭ ᠬᠡᠷᠡᠭᠯᠡᠭᠡᠨ ᠤ ᠦᠵᠡᠭᠳᠡᠯ ᠲᠠᠢ ᠶᠤᠮ᠃ ᠣᠳᠣᠬᠠᠨ ᠳᠤ᠂ ᠦᠬᠠᠶ ᠬᠤᠲᠠ

ᠶᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ

ᠬᠡᠯᠪᠡᠷᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠠᠲᠠᠭᠤ ᠪᠡᠶᠡᠲᠦ ᠴᠠᠬᠢᠯᠭᠠᠨ ᠴᠡᠨᠡᠭ

 ᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠲᠦᠷᠭᠡᠳᠬᠡᠨ ᠪᠠᠶᠢᠷᠢᠯᠠᠭᠤᠯᠵᠤ

ᠪᠠᠶᠢᠨ᠎ᠠ᠃ ᠡᠭᠦᠨ ᠤ ᠬᠠᠮᠲᠤ ᠪᠣᠬᠢᠷᠲᠤᠯ ᠦᠭᠡᠢ ᠴᠠᠬᠢᠯᠭᠠᠨ ᠪᠣᠬᠢᠷᠲᠤᠯ ᠦᠭᠡᠢ ᠤᠰᠤᠲᠥ᠋ᠷᠥᠭᠴᠢ ᠶᠢᠨ

ᠬᠠᠩᠭᠠᠯᠭ᠎ᠠ ᠶᠢᠨ ᠳᠠᠪᠠᠭᠤᠯᠢᠭ ᠲᠤ ᠲᠦᠰᠢᠭᠯᠡᠨ᠂ ᠨᠡᠭᠦᠷᠡᠰᠦᠲᠥ᠋ᠷᠥᠭᠴᠢᠭᠦᠢ ᠬᠦᠷᠢᠶᠡᠯᠡᠩ ᠲᠣᠭᠤᠷᠢᠭ ᠢ ᠬᠦᠴᠦᠯᠡᠨ

ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ

ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠠᠺᠠᠳᠧᠮᠢᠴᠢ ᠶᠢᠨ ᠠᠵᠢᠯ ᠤᠨ

ᠦᠷᠳᠡᠭᠡ ᠪᠣᠯᠤᠨ ᠬᠤᠣᠰ ᠴᠢᠭᠯᠡᠯ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠨ ᠵᠠᠢ︾

 ᠳᠤ ᠲᠦᠰᠢᠭᠯᠡᠨ᠂ ᠬᠠᠮᠲᠤᠷᠠᠯᠴᠠᠭ᠎ᠠ ᠪᠠᠨ ᠣᠯᠠᠮ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ

ᠦᠢᠯᠡᠰ ᠤᠨ ᠬᠡᠯᠬᠢᠶ᠎ᠡ ᠶᠢ ᠲᠠᠶᠢᠴᠢᠯᠠᠵᠦ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ

ᠦᠬᠠᠢ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ᠂ ᠵᠢᠱᠢᠶ᠎ᠡ ᠦᠵᠡᠭᠦᠯᠦᠨ ᠬᠡᠷᠡᠭᠯᠡᠬᠦ ᠶᠢ ᠠᠬᠢᠭᠤᠯᠵᠤ᠂ ᠦᠬᠠᠢ ᠶᠢᠨ

ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠬᠦᠴᠦᠷᠬᠡᠭ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ

ᠪᠠᠶᠢᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠬᠡᠵᠡᠢ᠃

     ᠨᠠᠨ ᠽᠧ ᠸᠧᠨ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠠᠨᠠᠯ ᠨᠢᠭᠡᠲᠡᠢ

ᠢᠯᠡᠷᠭᠡᠶᠢᠯᠡᠭᠰᠡᠨ ᠨᠢ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠪᠣᠯᠤᠨ ᠦᠬᠠᠢ ᠶᠢᠨ ᠬᠥᠭᠵᠢᠯᠲᠡ ᠶᠢᠨ

ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠠᠺᠠᠳᠧᠮᠢᠴᠢ ᠶᠢᠨ ᠠᠵᠢᠯ ᠤᠨ ᠦᠷᠳᠡᠭᠡ ᠶᠢᠨ ᠦᠢᠯᠡᠳᠦᠯ ᠢ ᠨᠢ

ᠭᠦᠢᠴᠡᠳ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠬᠠᠩᠭᠠᠯᠭ᠎ᠠ ᠪᠠᠨ ᠴᠢᠩᠭᠠᠳᠬᠠᠵᠤ᠂

ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠵᠤ᠂ ᠦᠬᠠᠢ ᠶᠢᠨ

ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号