ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 7 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ  ᠵᠧᠤ ᠶᠢᠨ ᠰᠢᠩ  ᠼᠦᠢ ᠵᠢᠩ ᠶᠢᠩ  ᠹᠧᠩ ᠰᠢᠤᠸᠠᠢ ᠲᠤᠤ  ᠯᠢ ᠴᠦᠨ ᠰᠢᠶᠤᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/5/30
     5 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 7 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠣᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠶᠢᠨ ᠰᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠦᠢᠯᠡᠳᠪᠦᠷᠢ ᠶᠢᠨ ᠠᠵᠤ ᠠᠬᠤᠶ ᠰᠤᠳᠤᠯᠭᠠᠨ ᠤ ᠭᠠᠵᠠᠷ ᠤᠨ ᠰᠤᠳᠤᠯᠤᠭᠴᠢ᠂ ᠠᠵᠤ ᠦᠢᠯᠡᠰ ᠤᠨ ᠪᠠᠶᠢᠭᠤᠯᠤᠯᠲᠠ ᠶᠢᠨ ᠰᠤᠳᠤᠯᠬᠤ ᠲᠠᠰᠤᠭ ᠤᠨ ᠡᠷᠬᠢᠯᠡᠭᠴᠢ᠂ ᠦᠬᠠᠶ ᠬᠤᠲᠠ ᠶᠢᠨ ᠨᠢᠭᠡᠳᠦᠮᠡᠯ ᠹᠷᠣᠨᠲ ᠤᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠭᠦᠸᠧ ᠴᠤᠤ ᠰᠢᠶᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠳᠤ ᠡᠨᠧᠷᠭᠢ ᠣᠯᠭᠤᠶ᠎ᠠ︾ ᠬᠡᠬᠦ ᠪᠠᠷ ᠰᠡᠳᠦᠪ ᠪᠣᠯᠭᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠦᠨᠳᠦᠰᠦᠨ ᠠᠭᠤᠯᠭ᠎ᠠ᠂ ᠣᠳᠣᠬᠠᠨ ᠳᠤ ᠮᠠᠨ ᠤ ᠤᠯᠤᠰ ᠤᠨ ᠠᠵᠤ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠭᠤᠤᠯ ᠠᠰᠠᠭᠤᠳᠠᠯ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠳᠤ ᠡᠨᠧᠷᠭᠢ ᠣᠯᠭᠤᠬᠤ ᠬᠦᠴᠦᠯᠡᠬᠦ ᠴᠢᠭ ᠵᠡᠷᠭᠡ ᠲᠠᠯ᠎ᠠ ᠪᠠᠷ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ ᠪᠦᠬᠦ᠋ᠢᠯᠡ ᠲᠠᠶᠢᠯᠤᠮᠵᠢ ᠶᠢᠨ ᠠᠭᠤᠯᠭ᠎ᠠ ᠨᠢ ᠪᠠᠶᠠᠯᠢᠭ᠂ ᠪᠣᠳᠠᠲᠠᠢ ᠶᠢ ᠡᠷᠬᠢᠮᠯᠡᠭᠰᠡᠨ ᠪᠦᠭᠡᠳ ᠠᠮᠢᠳᠤᠯᠢᠭ᠂ ᠤᠨᠤᠯ ᠤᠨ ᠦᠨᠳᠦᠷᠴᠡ ᠲᠠᠢ ᠪᠥᠭᠡᠳ ᠦᠢᠯᠡᠳᠦᠯᠭᠡ ᠶᠢᠨ ᠦᠷᠳᠡᠭ ᠲᠠᠢ ᠪᠠᠶᠢᠵᠤ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠳᠤ ᠮᠠᠰᠢ ᠴᠢᠩᠭ᠎ᠠ ᠵᠢᠯᠣᠭᠤᠳᠬᠤ ᠦᠢᠯᠡᠳᠦᠯ ᠲᠠᠢ ᠶᠤᠮ᠃      ᠬᠤᠷᠠᠯ ᠳᠤ ᠣᠷᠣᠯᠴᠠᠭᠰᠠᠳ ᠨᠠᠰᠠᠯ ᠨᠢᠭᠡᠳᠡᠢ ᠢᠯᠡᠷᠭᠡᠶᠢᠯᠡᠵᠡᠭᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ  ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠺᠠᠳᠧᠮᠢᠴᠢ ᠶᠢᠨ ᠠᠵᠢᠯ ᠤᠨ ᠦᠷᠳᠡᠭᠡ᠂ ᠬᠤᠣᠰ ᠴᠢᠭᠯᠡᠯ ᠢᠶᠠᠷ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠭᠤᠷᠴᠤᠭ ᠬᠠᠷᠢᠶ᠎ᠠ ᠭᠠᠵᠠᠠᠷ︾ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠭᠰᠡᠨ᠂ ᠣᠶᠣᠨᠴᠢᠯᠠᠭᠰᠠᠨ᠂ ᠪᠣᠬᠢᠷᠲᠤᠯ ᠦᠭᠡᠶᠢᠵᠢᠭᠰᠡᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠤᠭ ᠲᠡᠮᠳᠡᠭ ᠲᠣᠳᠣᠷᠬᠠᠢ ᠪᠠᠷ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠲᠡᠰᠢ ᠤᠷᠤᠭᠰᠢᠯᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠮᠠᠨ ᠤ ᠬᠤᠳᠠ ᠶᠢᠨ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠬᠦᠴᠦᠷᠬᠡᠭ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号