ᠵᠧᠦ ᠶᠢᠨ ᠰᠢᠩ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2025/5/30
     5 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ ᠣᠷᠣᠯᠴᠠᠪᠡ᠃

    ᠿᠣ᠋ ᠢ ᠵᠢᠶᠦ᠋ᠨ ᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤ᠂ ᠵᠧᠦ ᠶᠢᠨ ᠰᠢᠩ ᠪᠠᠷᠠᠭᠠᠨ ᠤ ᠲᠦᠷᠦᠯ

ᠵᠦᠢᠯ᠂ ᠪᠠᠷᠠᠭᠠᠨ ᠤ ᠡᠵᠡᠩᠨᠡᠯᠲᠡ᠂ ᠲᠡᠭᠡᠭᠡᠪᠦᠷᠢ ᠶᠢᠨ ᠴᠢᠳᠠᠪᠤᠷᠢ ᠵᠡᠷᠭᠡ ᠪᠠᠶᠢᠳᠠᠯ ᠵᠢᠴᠢ ᠠᠵᠤ ᠠᠬᠤᠶᠢᠯᠠᠯ ᠤᠨ

ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ

 ᠨᠢ᠂ ᠪᠠᠷᠠᠭᠠᠨ ᠤ ᠭᠦᠢᠯᠭᠡᠭᠡᠨ ᠤ ᠦᠢᠯᠡᠰ ᠨᠢ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ

ᠬᠥᠭᠵᠢᠯᠲᠡ ᠳᠤ ᠨᠡᠯᠢᠶᠡᠳ ᠴᠢᠩᠭ᠎ᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠤᠯᠤᠰ ᠤᠨ ᠳᠣᠲᠣᠭᠠᠳᠤ ᠶᠢᠨ

ᠲᠡᠷᠢᠭᠦᠨ ᠤ ᠠᠵᠤ ᠠᠬᠤᠶᠢᠯᠠᠯ ᠯᠤᠭ᠎ᠠ ᠪᠠᠷᠢᠮᠵᠢᠶᠠᠯᠠᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂

ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠠᠴᠢᠶᠠᠯᠠᠵᠤ ᠪᠠᠭᠤᠯᠭᠠᠬᠤ᠂ ᠲᠤᠬᠢᠷᠠᠭᠤᠯᠤᠨ ᠬᠦᠷᠭᠡᠬᠦ ᠵᠡᠷᠭᠡ

ᠭᠤᠭᠴᠤᠭ᠎ᠠ ᠳᠤ ᠰᠢᠨ᠎ᠡ ᠮᠡᠷᠭᠡᠵᠢᠯ ᠰᠢᠨ᠎ᠡ ᠲᠤᠨᠤᠭ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠪᠠᠷᠠᠭᠠᠨ ᠤ

ᠭᠦᠢᠯᠭᠡᠭᠡᠨ ᠤ ᠦᠢᠯᠡᠰ ᠤᠨ ᠳ᠋ᠢᠵᠢᠲ᠋ᠠᠯᠴᠢᠯᠠᠭᠰᠠᠨ᠂ ᠤᠶᠤᠨᠴᠢᠯᠠᠭᠰᠠᠨ᠂ ᠪᠣᠬᠢᠷᠲᠤᠯ ᠦᠭᠡᠶᠢᠵᠢᠭᠰᠡᠨ ᠬᠥᠭᠵᠢᠯᠲᠡ ᠶᠢ

ᠠᠬᠢᠭᠤᠯᠬᠤ ᠬᠡᠷᠡᠭᠲᠡᠢ᠃ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠵᠣᠯᠭᠠᠯᠴᠠᠭ᠎ᠠ ᠪᠠᠨ

ᠴᠢᠩᠭᠠᠳᠬᠠᠵᠤ᠂ ᠳᠣᠲᠣᠭᠠᠳᠤ ᠭᠠᠳᠠᠭᠠᠳᠤ ᠶᠢᠨ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠤᠨ ᠵᠣᠯᠭᠠᠯᠴᠠᠭ᠎ᠠ ᠪᠠᠨ

ᠰᠠᠶᠢᠲᠤᠷ ᠬᠢᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠳᠤ ᠭᠦᠨᠵᠡᠭᠡᠢ ᠰᠢᠭᠢᠳᠬᠡᠵᠦ᠂ ᠪᠠᠷᠠᠭᠠᠨ ᠤ

ᠭᠦᠢᠯᠭᠡᠭᠡᠨ ᠤ ᠡᠷᠭᠢᠯᠲᠡ ᠶᠢᠨ ᠰᠢᠰᠲ᠋ᠧᠮ ᠢ ᠰᠢᠯᠤᠭᠤᠳᠬᠠᠵᠤ᠂ ᠪᠣᠳᠠᠲᠤ ᠴᠣᠭᠴᠠ ᠶᠢᠨ ᠠᠵᠤ ᠠᠬᠤᠢ ᠶᠢᠨ

ᠥᠪᠡᠷ ᠤᠨ ᠦᠷᠳᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠨᠡᠩ ᠰᠠᠶᠢᠲᠤᠷ ᠠᠬᠢᠭᠤᠯᠬᠤ

ᠬᠡᠷᠡᠭᠲᠡᠢ ᠭᠡᠵᠡᠢ᠃

     ᠥᠪᠥᠷ ᠮᠣᠩᠭᠤᠯ ᠤᠨ ᠭᠤᠸᠠᠩ ᠰᠢᠩ ᡁᠢ ᠶᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂

ᠥᠪᠥᠷ ᠮᠣᠩᠭᠤᠯ ᠤᠨ ᠿᠦᠨ ᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠧᠦ ᠶᠢᠨ ᠰᠢᠩ

ᠣᠶᠤᠨᠴᠢ ᠪᠠᠷᠠᠭᠠᠨ ᠤ ᠭᠦᠢᠯᠭᠡᠭᠡᠨ ᠤ ᠲᠠᠪᠴᠠᠩ ᠤᠨ ᠬᠡᠷᠡᠭᠯᠡᠯᠲᠡ ᠪᠠ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ

ᠥᠷᠨᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠨᠢ ᠰᠣᠨᠣᠰᠪᠠ᠃ ᠲᠡᠷᠡ ᠬᠡᠯᠡᠭᠰᠡᠨ ᠨᠢ᠂ ᠦᠬᠠᠶ ᠵᠢᠴᠢ ᠡᠷᠬᠢᠨ

ᠲᠣᠭᠤᠷᠢᠨ ᠤ ᠭᠠᠵᠠᠷ ᠣᠷᠣᠨ ᠤ ᠥᠷᠭᠡᠨ ᠬᠡᠷᠡᠭᠴᠡᠭᠡᠨ ᠤ ᠲᠠᠸᠠᠷ ᠤᠨ ᠠᠷᠠᠯᠵᠢᠶᠠᠨ ᠤ ᠬᠡᠮᠵᠢᠶ᠎ᠡ ᠶᠡᠭᠡ᠂ ᠪᠠᠷᠠᠭᠠᠨ ᠤ

ᠶᠠᠪᠤᠯᠴᠠᠭ᠎ᠠ ᠣᠯᠠᠰᠢᠷᠠᠵᠤ ᠪᠠᠶᠢᠭ᠎ᠠ ᠪᠣᠳᠠᠲᠤ ᠪᠠᠶᠢᠳᠠᠯ ᠳᠤ ᠰᠠᠭᠤᠷᠢᠯᠠᠨ᠂ ᠣᠶᠤᠨᠴᠢ ᠪᠠᠷᠠᠭᠠᠨ ᠤ ᠭᠦᠢᠯᠭᠡᠭᠡᠨ ᠤ

ᠬᠡᠷᠡᠭᠯᠡᠭᠡᠨ ᠤ ᠠᠬᠤᠢ ᠪᠠᠶᠢᠳᠠᠯ ᠢ ᠤᠯᠠᠮ ᠨᠢᠭᠡ ᠠᠯᠬᠤᠮ ᠥᠷᠭᠡᠳᠬᠡᠵᠦ᠂ ︽ᠰᠢᠨ᠎ᠡ ᠡᠨᠧᠷᠭᠢ+ ᠲᠠᠷᠠᠬᠠᠢ ᠶᠢ

ᠲᠥᠪᠯᠡᠷᠡᠭᠦᠯᠬᠦ︾ ᠵᠡᠷᠭᠡ ᠪᠣᠬᠢᠷᠲᠤᠯ ᠦᠭᠡᠢ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠢᠳᠡᠪᠬᠢᠲᠡᠢ ᠳᠡᠯᠭᠡᠷᠡᠭᠦᠯᠵᠦ᠂

ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠲᠡᠭᠡᠭᠡᠪᠦᠷᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ

ᠬᠡᠷᠡᠭᠲᠡᠢ᠃ ᠳ᠋ᠠᠶᠢᠲ᠋ᠠ ᠶᠢᠨ ᠡᠬᠢ ᠪᠠᠶᠠᠯᠢᠭ ᠢ ᠨᠡᠶᠢᠳᠭᠡᠵᠦ᠂ ᠳ᠋ᠠᠶᠢᠲ᠋ᠠ ᠶᠢᠨ ᠡᠯᠧᠮᠧᠨ᠋ᠲ ᠤᠨ ᠪᠠᠷᠠᠭᠠᠨ ᠤ ᠭᠦᠢᠯᠭᠡᠭᠡᠨ ᠤ

ᠠᠵᠤ ᠠᠬᠤᠶᠢᠯᠠᠯ᠂ ᠬᠡᠷᠡᠭᠯᠡᠭᠴᠢᠳ ᠪᠣᠯᠤᠨ ᠵᠠᠰᠠᠭ ᠤᠨ ᠣᠷᠳᠣᠨ ᠤ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ

ᠬᠤᠭᠤᠷᠣᠨᠳᠣ ᠬᠠᠮᠲᠤ ᠪᠠᠷ ᠡᠳ᠋ᠯᠡᠵᠦ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠪᠥᠬᠦ ᠬᠤᠲᠠ ᠶᠢᠨ ᠵᠠᠮ

ᠬᠠᠷᠢᠯᠴᠠᠭ᠎ᠠ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ᠂

ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ᠂ ᠵᠠᠰᠠᠯᠲᠠ ᠶᠢᠨ ᠬᠢᠷᠢ ᠲᠦᠪᠰᠢᠨ ᠢᠶᠠᠨ ᠦᠨᠡᠨ ᠬᠦ

ᠳᠡᠭᠡᠭᠰᠢᠯᠡᠭᠦᠯᠬᠦ ᠬᠡᠷᠡᠭᠲᠡᠶ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号