5 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ | ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ | ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠣᠣᠱᠯᠠᠭᠤᠯᠵᠤ᠂ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮ ᠤᠨ ᠵᠠᠰᠠᠯᠲᠠ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠵᠡᠮᠳᠡᠭᠴᠦᠳ ᠤᠨ ᠦᠢᠯᠡᠴᠢᠯᠡᠭᠡ᠂ ᠤᠶᠤᠨ ᠤ ᠪᠣᠯᠪᠠᠰᠤᠨ ᠤ | ᠪᠠᠶᠢᠭᠤᠯᠤᠯᠲᠠ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠡᠢ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠪᠣᠯᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ | ᠪᠦᠬᠦ ᠬᠤᠳᠠ ᠶᠢᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ | ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠲᠤᠭ᠎ᠠ | ᠪᠦᠷᠢᠳᠬᠡᠯ ᠢ ᠬᠤᠳᠠᠯ ᠬᠠᠭᠤᠷᠮᠠᠭᠯᠠᠨ ᠬᠢᠬᠦ ᠶᠢ ᠡᠷᠡᠰ ᠬᠤᠷᠢᠭᠯᠠᠵᠤ᠂ ᠲᠤᠭ᠎ᠠ ᠪᠦᠷᠢᠳᠬᠡᠯ ᠤᠨ ᠠᠵᠢᠯ ᠤᠨ | ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ᠂ | ᠵᠦᠪ ᠣᠨᠣᠪᠴᠢᠲᠠᠢ᠂ ᠪᠦᠷᠢᠨ ᠪᠦᠲᠦᠨ ᠢᠶᠠᠷ ᠬᠥᠭᠵᠢᠯᠲᠡ ᠶᠢᠨ ᠦᠷ᠎ᠡ ᠪᠦᠲᠦᠮᠵᠢ ᠶᠢ ᠲᠤᠰᠬᠠᠬᠤ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ | ︽ᠵᠢᠷᠭᠤᠭᠠᠨ ᠠᠵᠢᠯᠯᠠᠭ᠎ᠠ︾ ᠪᠣᠯᠤᠨ ᠮᠠᠨ ᠤ ᠬᠤᠳᠠ ᠶᠢᠨ ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠠᠬᠢᠴᠠ ᠶᠢ | ᠠᠮᠵᠢᠨ ᠠᠳᠬᠤᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ | ᠴᠢᠭ ᠢ ᠴᠢᠩᠭ᠎ᠠ ᠠᠳᠬᠤᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ | ︽ᠴᠠᠭ ᠬᠠᠭᠠᠰ ᠦᠩᠭᠡᠷᠡᠪᠡᠯ᠂ ᠡᠭᠦᠷᠭᠡ ᠶᠢᠨ ᠬᠠᠭᠠᠰ ᠢ ᠪᠡᠶᠡᠯᠡᠬᠦᠯᠬᠦ︾ ᠶᠢ ᠪᠠᠲᠤᠯᠠᠬᠤ ᠬᠡᠷᠡᠭᠲᠡᠢ᠃ ᠦᠷ᠎ᠡ | ᠪᠦᠲᠦᠮᠵᠢ ᠶᠢ ᠡᠷᠬᠢᠮᠯᠡᠵᠦ᠂ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠴᠢᠩᠭ᠎ᠠ ᠴᠡᠭᠡᠷᠯᠡᠵᠦ᠂ | ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ | ᠠᠬᠢᠭᠤᠯᠵᠤ᠂ ᠡᠷᠲᠡᠬᠡᠨᠦᠷᠡ ᠪᠦᠲᠦᠮᠵᠢ ᠶᠢ ᠭᠠᠷᠭᠠᠬᠤ ᠶᠢ ᠠᠬᠢᠭᠤᠯᠬᠤ ᠬᠡᠷᠡᠭᠲᠡᠢ᠃ ᠵᠣᠬᠢᠴᠠᠭᠤᠯᠭ᠎ᠠ ᠪᠠᠨ | ᠴᠢᠩᠭᠠᠳᠬᠠᠵᠤ᠂ ᠨᠢᠭᠲᠠ ᠬᠠᠮᠵᠢᠯᠴᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ | ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ | ᠬᠤᠭᠤᠴᠠᠭ᠎ᠠ ᠣᠶᠢᠷᠠᠳᠴᠤ᠂ ᠠᠶᠤᠯᠭᠦᠢ ᠦᠢᠯᠡᠳᠪᠦᠷᠢᠯᠡᠯ ᠢ ᠴᠢᠩᠭ᠎ᠠ ᠪᠦᠭᠡᠳ ᠪᠣᠳᠠᠲᠠᠢ ᠠᠳᠬᠤᠵᠤ᠂ ᠠᠶᠤᠯᠲᠠᠢ | ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠵᠢᠭᠤᠯᠴᠢᠯᠠᠯ᠂ ᠢᠳᠡᠭᠡᠨ ᠵᠡᠷᠭᠡ ᠬᠦᠷᠢᠶᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠪᠠᠨ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |