ᠼᠦᠢ ᠵᠢᠩ ᠶᠢᠩ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/6
     4 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠨᠠᠨ ᠲᠣᠭᠤᠷᠢᠭ ᠲᠤ ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠣᠷᠣᠯᠴᠠᠪᠡ᠃      ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠶ ᠶᠢᠨ ᠡᠨᠧᠷᠭᠢ ᠶᠢᠨ ᠺᠣᠮᠫᠠᠨᠢ ᠶᠢᠨ ᠯᠣᠭᠰᠢᠳᠠᠷ ᠨᠡᠭᠦᠷᠡᠰᠦᠨ ᠠᠭᠤᠷᠬᠠᠶ᠂ ᠬᠠᠶᠢᠨᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠦᠬᠠᠶ ᠶᠢᠨ ᠾᠧᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠼᠦᠢ ᠵᠢᠩ ᠶᠢᠩ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠴᠢᠳᠠᠮᠵᠢ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠵᠤ ᠬᠠᠮᠠᠭᠠᠯᠠᠭᠰᠠᠨ ᠵᠢᠴᠢ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠤᠢᠢᠷ᠎ᠠ ᠶᠢᠨ ᠬᠤᠭᠤᠴᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠴᠠᠭ ᠢᠮᠠᠭᠲᠠ ᠰᠡᠳᠬᠢᠯ ᠠᠮᠤᠷ ᠪᠠᠶᠢᠵᠤ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠵᠤ᠂ ᠠᠷᠠᠳ ᠤᠯᠠᠨ ᠢ ᠠᠮᠤᠷ ᠠᠮᠤᠭᠤᠯᠠᠩ ᠪᠠᠶᠠᠷ ᠪᠠᠶᠠᠰᠬᠤᠯᠠᠩ ᠲᠠᠢ ᠪᠠᠷ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠢ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠢ ᠪᠣᠯᠤᠨ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠭᠠᠯ ᠤᠨᠲᠠᠷᠠᠭᠠᠬᠤ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠢᠵᠢᠭᠦᠷᠯᠡᠨ ᠰᠠᠬᠢᠬᠤ᠂ ᠤᠷᠢᠳᠴᠢᠯᠠᠨ ᠰᠡᠷᠡᠮᠵᠢᠯᠡᠭᠦᠯᠵᠦ ᠰᠢᠢᠳᠪᠦᠷᠢᠯᠡᠬᠦ ᠵᠡᠷᠭᠡ ᠠᠵᠢᠯ ᠢᠶᠠᠨ ᠪᠦᠬᠦ ᠲᠠᠯ᠎ᠠ ᠪᠠᠷ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠨ ᠴᠢᠩᠭᠠᠳᠬᠠᠵᠤ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠪᠠ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠵᠠᠮ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠨᠢᠮᠪᠠᠢ ᠰᠠᠶᠢᠲᠤᠷ ᠬᠢᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠨᠤᠭ ᠲᠥᠬᠦᠭᠡᠷᠦᠮᠵᠢ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠰᠠᠶᠢᠲᠤᠷ ᠠᠳᠬᠤᠵᠤ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠪᠣᠯᠪᠠᠰᠤᠷᠠᠯ ᠢ ᠨᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号