ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2025/5/7
     ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠲᠡᠳᠡᠨ ᠤ ᠨᠡᠶᠢᠭᠡᠮ ᠳᠤ ᠦᠢᠯᠡᠴᠢᠯᠡᠬᠦ᠂ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠬᠤᠲᠠ ᠶᠢᠨ 200 ᠭᠠᠷᠤᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 800 ᠬᠠᠷᠢᠭᠤᠴᠠᠯᠭᠠᠲᠠᠨ ᠪᠦᠯᠦᠭ ᠬᠤᠪᠢᠶᠠᠨ ᠪᠣᠯᠪᠠᠰᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠩᠰᠡᠯᠡᠨ ᠬᠠᠮᠢᠶᠠᠷᠬᠤ᠂ ᠲᠥᠷᠥᠯ ᠵᠦᠢᠯ ᠢ ᠲᠥᠰᠦᠪᠯᠡᠬᠦ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠵᠢᠷᠤᠮᠵᠢᠯ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠬᠤ ᠵᠡᠷᠭᠡ ᠭᠤᠤᠯ ᠠᠭᠤᠯᠭ᠎ᠠ ᠶᠢᠨ ᠲᠣᠭᠤᠷᠢᠨ ᠳᠤ ᠥᠷᠨᠢᠭᠦᠯᠪᠡ᠃ ᠬᠢᠴᠢᠶᠡᠯᠯᠡᠬᠦ ᠲᠤᠰᠬᠠᠶ ᠮᠡᠷᠭᠡᠵᠢᠯᠲᠡᠳ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ ᠵᠠᠰᠠᠯᠲᠠ᠂ ᠦᠨᠡᠯᠡᠨ ᠵᠢᠱᠢᠬᠦ ᠬᠦᠢᠴᠡᠳᠭᠡᠯ ᠲᠤᠭ᠎ᠠ ᠵᠢᠴᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠭᠤᠤᠯᠳᠠᠯᠭ᠎ᠠ ᠶᠢ ᠭᠦᠨᠵᠡᠭᠡᠶ ᠲᠠᠶᠢᠯᠪᠤᠷᠢᠯᠠᠵᠤ᠂ ︽ᠵᠢᠷᠤᠮᠵᠢᠭᠤᠯᠬᠤ ᠪᠠᠷ ᠬᠥᠭᠵᠢᠯᠲᠡ ᠶᠢ ᠠᠬᠢᠭᠤᠯᠬᠤ᠂ ᠲᠤᠰᠬᠠᠶ ᠮᠡᠷᠭᠡᠵᠢᠯ ᠢᠶᠠᠷ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ︾ ᠣᠨᠣᠯᠵᠢᠬᠤᠨ ᠢ ᠴᠢᠬᠤᠯᠠᠴᠢᠯᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠳᠤ ᠨᠠᠷᠢᠯᠢᠭ ᠣᠨᠣᠴᠠᠲᠠᠶ ᠪᠠᠷ ᠬᠦᠴᠦᠯᠡᠬᠦ ᠶᠢ ᠬᠥᠲᠥᠯᠥᠨ ᠵᠢᠯᠤᠭᠤᠳᠤᠪᠠ᠃     ᠦᠬᠠᠶ ᠬᠤᠲᠠ ᠶᠢᠨ ᠾᠧᠪᠸᠢ ᠶᠢᠨ ᠬᠤᠳᠠᠯᠳᠤᠭᠠᠴᠢᠳ ᠤᠨ ᠬᠤᠯᠪᠣᠭᠠᠲᠤ ᠬᠤᠷᠠᠯ ᠤᠨ ᠳᠠᠷᠤᠭ᠎ᠠ ᠫᠧᠩ ᠯᠢ ᠵᠢᠶᠠᠩ ᠢᠯᠡᠷᠬᠡᠶᠢᠯᠡᠭᠰᠡᠨ ᠨᠢ᠂ ᠪᠣᠯᠪᠠᠰᠤᠷᠠᠯ ᠤᠨ ᠠᠭᠤᠯᠭ᠎ᠠ ᠨᠢ ᠮᠠᠰᠢ ᠬᠡᠷᠡᠭᠴᠡᠭᠡ ᠲᠠᠢ᠂ ᠪᠢᠳᠡᠨ ᠤ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠪᠠᠯᠠ ᠮᠥᠩᠭᠦ ᠶᠢᠨ ᠬᠠᠮᠢᠶᠠᠷᠤᠯᠲᠠ ᠳᠤᠮᠳᠠᠬᠢ ᠲᠥᠭᠡᠷᠢᠭᠳᠡᠯ ᠳᠤ ᠬᠠᠷᠢᠭᠤᠯᠳᠠ ᠥᠭᠭᠦᠭᠰᠡᠨ ᠮᠥᠷᠲᠡᠭᠡᠨ ᠪᠠᠰᠠ ᠠᠵᠢᠯ ᠨᠢᠭᠡᠲᠡᠨ ᠤ ᠰᠢᠯᠢᠳᠡᠭ ᠲᠤᠷᠰᠢᠯᠭ᠎ᠠ ᠶᠢ ᠴᠦ ᠰᠤᠷᠣᠯᠴᠠᠪᠠ᠃ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠬᠡᠷᠡᠭᠯᠡᠵᠦ᠂ ᠦᠢᠯᠡᠴᠢᠯᠡᠭᠡᠨ ᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠵᠡᠶ᠃      ᠪᠣᠯᠪᠠᠰᠤᠷᠠᠯ ᠤᠨ ᠠᠩᠭᠢ ᠳᠤ ᠪᠠᠰᠠ ᠬᠠᠷᠢᠯᠴᠠᠨ ᠰᠣᠯᠢᠯᠴᠠᠭ᠎ᠠ ᠬᠢᠬᠦ ᠭᠤᠭᠴᠤᠭ᠎ᠠ ᠭᠠᠷᠭᠠᠵᠤ᠂ ᠬᠤᠷᠠᠯ ᠳᠤ ᠣᠷᠣᠯᠴᠠᠭᠰᠠᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠡᠬᠢ ᠪᠠᠶᠠᠯᠢᠭ ᠢ ᠨᠡᠶᠢᠳᠭᠡᠬᠦ ᠵᠡᠷᠭᠡ ᠰᠡᠳᠦᠪ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠪᠡ᠃ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ ᠵᠠᠩ ᠯᠢ ᠮᠢᠨ ᠢᠯᠡᠷᠭᠡᠶᠢᠯᠡᠭᠰᠡᠨ ᠨᠢ᠂ ᠲᠠᠷᠠᠭᠠᠴᠢ ᠶᠢᠨ ᠠᠯᠬᠤᠮ ᠳᠤ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠪᠠᠶᠢᠩᠭᠤᠵᠢᠭᠰᠠᠨ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶᠢᠵᠢᠭᠰᠠᠨ ᠬᠢᠷᠢ ᠲᠦᠪᠰᠢᠨ ᠢ ᠨᠢ ᠦᠷᠭᠦᠯᠵᠢᠯᠡᠨ ᠳᠡᠭᠡᠭᠰᠢᠯᠡᠭᠦᠯᠵᠦ᠂ ᠲᠡᠳᠡᠨ ᠢ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠳᠤ ᠨᠠᠩ ᠶᠡᠭᠡ ᠦᠢᠯᠡᠳᠦᠯ ᠦᠵᠡᠭᠦᠯᠦᠨ᠎ᠡ ᠭᠡᠵᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号