ᠣᠶᠢᠷ᠎ᠠ ᠳᠤ᠂ ᠬᠠᠶᠢᠨᠠᠨ ᠲᠣᠭᠤᠷᠢᠭ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠡᠬᠢᠯᠡᠪᠡ᠃ ᠲᠤᠰ ᠲᠦᠷᠦᠯ ᠵᠦᠢᠯ ᠤᠨ ᠰᠣᠩᠭᠤᠭᠰᠠᠨ ᠭᠠᠵᠠᠷ ᠨᠢ | ᠬᠤᠳᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠳᠤ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 329 | ᠲᠦᠮᠡᠨ ᠲᠥᠭᠦᠷᠢᠭ᠂ 680 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠲᠥᠷᠥᠯ ᠵᠦᠢᠯ ᠨᠢ ︽ᠰᠢᠨᠵᠢᠯᠡᠬᠦ | ᠤᠬᠠᠭᠠᠨᠴᠢ ᠪᠠᠷ ᠰᠢᠨ᠎ᠡ ᠶᠢ ᠡᠭᠦᠳᠬᠦ ᠦᠢᠯᠡᠳᠦᠯᠭᠡ ᠶᠢ ᠰᠦᠪᠡᠭᠴᠢᠯᠡᠬᠦ︾ ᠪᠠᠷ ᠭᠤᠤᠯ ᠪᠣᠯᠭᠠᠵᠤ᠂ ᠤᠶᠤᠨᠴᠢᠯᠠᠭᠰᠠᠨ | ᠲᠥᠬᠦᠭᠡᠷᠦᠮᠵᠢ ᠬᠢᠭᠡᠳ ᠭᠤᠤᠯ ᠰᠡᠳᠦᠪᠴᠢᠯᠡᠭᠰᠡᠨ ᠠᠬᠤᠶ ᠲᠠᠯᠠᠪᠠᠶ ᠶᠢᠨ ᠵᠢᠷᠤᠭ ᠲᠥᠯᠥᠪᠯᠡᠭᠡ ᠶᠢ | ᠠᠭᠤᠰᠤᠯᠴᠠᠭᠤᠯᠤᠨ᠂ ᠰᠢᠨᠵᠢᠯᠡᠬᠦ ᠤᠬᠠᠭᠠᠨᠴᠢ ᠴᠢᠨᠠᠷ᠂ ᠰᠣᠨᠢᠷᠬᠠᠯᠲᠤ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠢ | ᠨᠢᠭᠡ ᠴᠣᠭᠴᠠᠵᠢᠭᠤᠯᠤᠭᠰᠠᠨ ᠵᠠᠯᠠᠭᠤᠴᠤᠳ ᠪᠠᠭᠠᠴᠤᠳ ᠤᠨ ᠲᠤᠰᠬᠠᠶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ | ᠬᠥᠮᠦᠵᠢᠯ ᠤᠨ ᠣᠷᠣᠨ ᠵᠠᠶ ᠶᠢ ᠪᠣᠶ ᠪᠤᠯᠭᠠᠬᠤ ᠪᠤᠯᠤᠨ᠎ᠠ᠃ | ᠬᠠᠶᠢᠨᠠᠨ ᠲᠣᠭᠤᠷᠢᠭ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠᠶᠢᠭᠤᠯᠤᠭᠳᠠᠭᠰᠠᠨ ᠤ | ᠳᠠᠷᠠᠭ᠎ᠠ᠂ ᠵᠠᠯᠠᠭᠤᠴᠤᠳ ᠪᠠᠭᠠᠴᠤᠳ ᠲᠤ ᠰᠦᠢᠳᠭᠡᠯ ᠬᠤᠷᠢᠶᠠᠬᠤ ᠥᠬᠡᠶ ᠪᠠᠷ ᠨᠡᠭᠡᠭᠡᠵᠦ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠲᠠᠶᠢᠯᠤᠮᠵᠢ᠂ ᠰᠢᠨᠵᠢᠯᠡᠬᠦ ᠤᠬᠠᠭᠠᠨ ᠤ ᠲᠤᠷᠰᠢᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠤᠷᠤᠯᠳᠤᠭᠠᠨ ᠵᠡᠷᠭᠡ ᠣᠯᠠᠨ ᠡᠰᠢᠲᠦ ᠠᠵᠢᠯᠯᠠᠭ᠎ᠠ ᠬᠠᠩᠭᠠᠵᠤ᠂ ᠵᠠᠯᠠᠭᠤᠴᠤᠳ ᠪᠠᠭᠠᠴᠤᠳ ᠲᠤ | ︽ᠬᠤᠶᠠᠳᠤᠭᠠᠷ ᠬᠢᠴᠢᠶᠡᠯ ᠤᠨ ᠲᠠᠩᠬᠢᠮ︾ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ | ᠮᠡᠳᠡᠷᠡᠭᠦᠯᠬᠦ ᠳᠤ ᠬᠦᠴᠦᠨ ᠨᠡᠮᠡᠷᠢᠯᠡᠨ᠎ᠡ᠃ | ᠬᠠᠶᠢᠨᠠᠨ ᠲᠣᠭᠤᠷᠢᠭ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠨᠢ ᠱᠠᠨᠰᠢ ᠶᠢᠨ ᠪᠠᠭᠰᠢ ᠶᠢᠨ | ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠤᠨ ᠰᠤᠳᠤᠯᠤᠨ ᠨᠡᠭᠡᠭᠡᠭᠰᠡᠨ ︽ᠰᠢᠨᠵᠢᠯᠡᠭᠡᠨ ᠤ ᠰᠠᠯᠠᠭ᠎ᠠ | ᠶᠢᠨ ᠴᠤᠭᠯᠠᠷᠠᠯ︾ ᠤᠨ ᠬᠢᠴᠢᠶᠡᠯ ᠤᠨ ᠰᠢᠰᠲ᠋ᠧᠮ ᠳᠤ ᠲᠦᠰᠢᠭᠯᠡᠨ᠂ ᠤᠯᠠᠮᠵᠢᠯᠠᠯᠲᠤ ᠰᠢᠨᠵᠢᠯᠡᠭᠡᠨ ᠤ ᠰᠠᠯᠠᠭ᠎ᠠ ᠶᠢᠨ | ᠪᠠᠬᠢᠯᠡᠯᠲᠡ ᠶᠢ ᠡᠪᠳᠡᠵᠦ᠂ ᠹᠢᠽᠢᠺ᠂ ᠬᠢᠮᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨᠵᠢᠯᠡᠭᠡᠨ ᠤ ᠬᠦᠷᠢᠶ᠎ᠡ ᠶᠢ ᠡᠮᠬᠢᠯᠡᠨ | ᠨᠡᠶᠢᠯᠡᠭᠦᠯᠵᠦ᠂ 30 ᠭᠠᠷᠤᠶ ᠭᠤᠤᠯ ᠰᠡᠳᠦᠪᠲᠦ ᠬᠡᠰᠡᠭ᠂ 200 ᠭᠠᠷᠤᠶ ᠪᠡᠶᠡᠴᠢᠯᠡᠨ ᠣᠶᠢᠯᠠᠭᠠᠬᠤ ᠲᠥᠷᠥᠯ ᠵᠦᠢᠯ ᠢ | ᠨᠡᠭᠡᠭᠡᠨ ᠬᠥᠭᠵᠢᠭᠦᠯᠦᠨ᠎ᠡ᠃ ︽ᠰᠣᠨᠢᠷᠬᠠᠯᠲᠤ ᠬᠢᠮᠢ ᠶᠢᠨ ᠲᠤᠷᠰᠢᠯᠲᠠ︾ ᠠᠴᠠ ︽ᠮᠠᠰᠢᠨ ᠬᠥᠮᠦᠨ ᠤ ᠫᠷᠤᠭ᠍ᠷᠠᠮ︾ | ᠬᠦᠷᠲᠡᠯ᠎ᠡ᠂ ︽ᠬᠥᠭᠦᠷᠭᠡ ᠪᠠᠶᠢᠭᠤᠯᠬᠤ︾ ᠠᠴᠠ ︽ᠢᠷᠡᠭᠡᠳᠦᠢ ᠶᠢᠨ ᠬᠤᠳᠠ ᠶᠢᠨ ᠵᠢᠷᠤᠭ ᠲᠥᠯᠥᠪᠯᠡᠭᠡ︾ ᠬᠦᠷᠲᠡᠯ᠎ᠡ᠂ | ᠬᠢᠴᠢᠶᠡᠯ ᠢ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ+ ᠲᠦᠷᠦᠯ ᠵᠦᠢᠯ ᠤᠨ ᠬᠡᠯᠪᠡᠷᠢ ᠪᠠᠷ ᠰᠤᠷᠤᠯᠴᠠᠬᠤ︾ ᠪᠠᠷ | ᠣᠨᠴᠠᠯᠢᠭ ᠪᠣᠯᠭᠠᠵᠤ᠂ ︽ᠭᠠᠷ ᠬᠥᠳᠡᠯᠦᠨ ᠬᠢᠬᠦ᠂ ᠲᠤᠷᠰᠢᠯᠲᠠ ᠬᠢᠬᠦ᠂ ᠵᠣᠬᠢᠶᠠᠨ ᠪᠦᠲᠦᠭᠡᠬᠦ︾ ᠵᠡᠷᠭᠡ ᠦᠢᠯᠡᠳᠦᠯᠭᠡ ᠶᠢᠨ | ᠭᠤᠭᠴᠤᠭ᠎ᠠ ᠪᠠᠷ ᠳᠠᠮᠵᠢᠭᠤᠯᠵᠤ᠂ ᠰᠢᠨᠵᠢᠯᠡᠬᠦ ᠤᠬᠠᠭᠠᠨᠲᠠᠨ ᠤ ᠬᠠᠶᠢᠨ ᠰᠦᠪᠡᠭᠴᠢᠯᠡᠬᠦ ᠶᠠᠪᠤᠴᠠ ᠶᠢ ᠬᠢᠴᠢᠶᠡᠯ ᠤᠨ | ᠲᠠᠩᠬᠢᠮ ᠳᠤ ᠣᠷᠣᠭᠤᠯᠵᠤ᠂ ᠵᠠᠯᠠᠭᠤᠴᠤᠳ ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ | ᠪᠠ ᠠᠮᠢᠳᠤᠷᠠᠯ ᠤᠨ ᠭᠦᠨᠵᠡᠭᠡᠢ ᠬᠤᠯᠪᠣᠯᠳᠤᠯ ᠢ ᠪᠠᠶᠢᠭᠤᠯᠵᠤ᠂ ᠰᠢᠨ᠎ᠡ ᠶᠢ ᠡᠭᠦᠳᠬᠦ ᠰᠡᠳᠬᠢᠬᠦᠢ ᠪᠠ ᠶᠡᠷᠦᠩᠬᠡᠶᠢᠯᠡᠭᠰᠡᠨ | ᠦᠢᠯᠡᠳᠦᠯᠭᠡ ᠶᠢᠨ ᠴᠢᠳᠠᠪᠤᠷᠢ ᠶᠢ ᠨᠢ ᠬᠥᠮᠦᠵᠢᠭᠦᠯᠦᠨ᠎ᠡ᠃ | ᠬᠠᠶᠢᠨᠠᠨ ᠲᠣᠭᠤᠷᠢᠭ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠪᠣᠯ ᠬᠠᠶᠢᠨᠠᠨ ᠲᠣᠭᠤᠷᠢᠭ ᠤᠨ ᠤᠯᠤᠰ ᠤᠨ ︽ᠬᠤᠶᠠᠷ ᠢ ᠬᠦᠩᠭᠡᠷᠡᠬᠦᠯᠬᠦ︾ ᠲᠥᠷᠥ ᠶᠢᠨ | ᠪᠣᠳᠣᠯᠭ᠎ᠠ ᠳᠠᠬᠢ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠮᠡᠬᠦ ᠠᠷᠭ᠎ᠠ︾ ᠶᠢ ᠨᠠᠶᠢᠳᠠᠪᠤᠷᠢᠵᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠥᠯᠭᠢᠨ ᠠᠬᠢᠭᠤᠯᠬᠤ ᠠᠮᠢᠳᠤᠯᠢᠭ | ᠦᠢᠯᠡᠳᠦᠯᠭᠡ ᠮᠥᠨ᠃ |