ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠬᠤᠷᠠᠯᠳᠤᠪᠠ  ᠵᠧᠦ ᠶᠢᠨ ᠰᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ  ᠼᠦᠢ ᠵᠢᠩ ᠶᠢᠩ  ᠹᠧᠩ ᠰᠢᠤᠸᠠᠢ ᠲᠤᠤ  ᠯᠢ ᠴᠦᠨ ᠰᠢᠶᠤᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/5/9
     5 ᠰᠠᠷ᠎ᠠ ᠶᠢᠨ 7 ᠤ ᠡᠳᠦᠷ᠂ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠬᠤᠷᠠᠯᠳᠤᠵᠤ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠤᠨ ᠲᠤᠬᠠᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃

     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ

ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ

ᠪᠢᠴᠢᠭ ᠤᠨ ᠳᠠᠷᠤᠭ᠎ᠠ ᠯᠢ ᠴᠦᠨ ᠰᠢᠶᠤᠤ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂

ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ

ᠣᠷᠣᠯᠴᠠᠪᠠ᠃

     ᠬᠤᠷᠠᠯ ᠳᠡᠭᠡᠷ᠎ᠡ᠂ ᠬᠤᠯᠪᠣᠭᠳᠠᠯ ᠪᠦᠬᠦᠢ ᠬᠤᠳᠠ ᠶᠢᠨ ᠤᠳᠤᠷᠢᠳᠤᠯᠭ᠎ᠠ᠂ ᠡᠯ᠎ᠡ ᠲᠣᠭᠤᠷᠢᠭ᠂ ᠬᠤᠳᠠ ᠶᠢᠨ

ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠦᠬᠦ ᠬᠤᠳᠠ ᠶᠢᠨ ᠠᠵᠤ

ᠠᠬᠤᠢ ᠶᠢᠨ ᠪᠠᠶᠢᠳᠠᠯ ᠢ ︽ᠬᠡᠷᠬᠢᠨ ᠦᠵᠡᠬᠦ︾᠂ ᠠᠵᠤ ᠠᠬᠤᠢ ᠶᠢᠨ ᠠᠵᠢᠯ ᠢ ︽ᠶᠠᠭᠠᠬᠢᠵᠤ ᠬᠢᠬᠦ︾ ᠶᠢᠨ ᠲᠣᠭᠤᠷᠢᠨ ᠳᠤ

ᠶᠠᠷᠢᠶ᠎ᠠ ᠲᠠᠯᠪᠢᠪᠠ᠃

     ᠵᠧᠤ ᠶᠢᠨ ᠰᠢᠩ ᠬᠡᠯᠡᠭᠰᠡᠨ ᠨᠢ᠂ ᠣᠳᠣᠬᠠᠨ ᠳᠤ ᠤᠯᠤᠰ ᠠᠴᠠ ︽ᠠᠵᠢᠯ ᠣᠯᠭᠤᠯᠲᠠ ᠶᠢ

ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂

ᠵᠢᠱᠢᠯᠲᠡ ᠶᠢ ᠲᠣᠭᠲᠠᠪᠤᠷᠢᠵᠢᠭᠤᠯᠬᠤ︾ ᠶᠢᠨ ᠲᠣᠭᠤᠷᠢᠨ ᠳᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ

ᠬᠡᠮᠵᠢᠶ᠎ᠡ ᠶᠢ ᠨᠡᠶᠢᠲᠡᠯᠡᠵᠦ᠂ ᠠᠰᠢᠭᠲᠠᠢ ᠬᠦᠴᠦᠨ ᠵᠦᠢᠯ ᠳᠠᠪᠬᠤᠴᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠳᠤ ᠰᠠᠶᠢᠨ

ᠰᠠᠭᠤᠷᠢ ᠪᠠ ᠨᠥᠬᠦᠴᠡᠯ ᠲᠠᠢ ᠶᠤᠮ᠃ ᠪᠠᠶᠢᠳᠠᠯ ᠢ ᠲᠣᠳᠣᠷᠬᠠᠶ ᠲᠠᠨᠢᠵᠤ᠂ ᠬᠦᠴᠢᠷᠳᠡᠯ ᠳᠤ ᠵᠥᠪ ᠢᠶᠠᠷ ᠬᠠᠨᠳᠤᠵᠤ᠂

ᠠᠰᠠᠭᠤᠳᠠᠯ ᠢ ᠣᠨᠣᠪᠴᠢᠲᠠᠶ ᠡᠷᠢᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠯ᠎ᠡ ᠵᠦᠢᠯ ᠤᠨ ᠲᠥᠷᠥ ᠶᠢᠨ

ᠪᠣᠳᠣᠯᠭ᠎ᠠ ᠶᠢᠨ ᠠᠵᠠ ᠲᠣᠬᠢᠶᠠᠯ ᠢ ᠭᠦᠢᠴᠡᠳ ᠠᠭᠤᠳᠠᠯᠵᠤ᠂ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯ ᠢ

ᠬᠦᠴᠦᠯᠡᠨ ᠰᠠᠶᠢᠲᠤᠷ ᠠᠳᠬᠤᠵᠤ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ

ᠰᠡᠷᠭᠦᠭᠡᠵᠦ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ

ᠪᠦᠲᠦᠮᠵᠢ ᠪᠠᠨ ᠳᠡᠭᠡᠭᠰᠢᠯᠡᠭᠦᠯᠬᠦ ᠶᠢ ᠬᠠᠪᠰᠤᠷᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂

ᠲᠠᠰ ᠳᠡᠪᠰᠢᠭᠦᠯᠦᠨ ᠪᠦᠷᠢᠳᠭᠡᠯ ᠳᠤ ᠣᠷᠣᠭᠤᠯᠬᠤ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠳᠡᠭᠡᠷ᠎ᠡ

ᠬᠠᠭᠠᠰ ᠵᠢᠯ ᠳᠤ ︽ᠴᠠᠭ ᠬᠠᠭᠠᠰ ᠦᠩᠭᠡᠷᠡᠪᠡᠯ᠂ ᠡᠭᠦᠷᠭᠡ ᠪᠠᠨ ᠬᠠᠭᠠᠰ ᠢ ᠪᠡᠶᠡᠯᠡᠬᠦᠯᠬᠦ︾ ᠶᠢ ᠪᠠᠲᠤᠯᠠᠬᠤ ᠬᠡᠷᠡᠭᠲᠡᠶ᠃

ᠬᠠᠷᠠᠯᠲᠠ ᠲᠣᠭᠲᠠᠭᠠᠵᠤ᠂ ᠵᠠᠩᠭᠢᠯᠠᠭ᠎ᠠ ᠶᠢ ᠠᠳᠬᠤᠵᠤ᠂ ᠲᠦᠷᠭᠡᠨ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ

ᠡᠷᠬᠢᠮᠯᠡᠵᠦ᠂ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠭᠠᠷ ᠭᠦᠢᠴᠡᠳᠬᠡᠯ ᠤᠨ ᠬᠢᠨᠠᠨ

ᠵᠦᠪᠰᠢᠶᠡᠷᠡᠯ᠂ ᠡᠯᠧᠮᠧᠨ᠋ᠲ ᠤᠨ ᠪᠠᠲᠤᠯᠠᠭ᠎ᠠ᠂ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠵᠡᠷᠭᠡ ᠠᠵᠤ ᠠᠬᠤᠢ ᠶᠢᠨ

ᠠᠵᠢᠯᠯᠠᠭᠠᠨ ᠲᠠᠢ ᠬᠤᠯᠪᠣᠭᠳᠠᠬᠤ ᠭᠤᠣᠯᠳᠠᠯᠭ᠎ᠠ ᠲᠠᠢ ᠵᠦᠢᠯᠡᠰ ᠪᠣᠯᠤᠨ ᠬᠦᠴᠢᠷ ᠠᠰᠠᠭᠤᠳᠠᠯ ᠢ ᠠᠩᠬᠠᠷᠴᠤ᠂ ᠦᠨᠡᠨ

ᠪᠣᠳᠠᠲᠠᠢ ᠠᠷᠭ᠎ᠠ ᠬᠡᠮᠵᠢᠶ᠎ᠡ ᠠᠪᠴᠤ᠂ ᠲᠦᠭᠵᠢᠷᠡᠯ ᠬᠦᠴᠢᠷ ᠠᠰᠠᠭᠤᠳᠠᠯ ᠢ ᠨᠡᠪᠲᠡᠷᠡᠭᠦᠯᠬᠦ ᠬᠡᠷᠡᠭᠲᠡᠢ᠃ ᠤᠴᠢᠷ ᠶᠠᠪᠤᠳᠠᠯ

 ᠢ ᠡᠳᠦᠷ ᠲᠡᠭᠡᠨ ᠲᠠᠭᠤᠰᠬᠠᠬᠤ ᠡᠷᠴᠢ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠣᠳᠠᠭᠠᠨ

ᠪᠦᠳᠦᠭᠦᠯᠢᠭ ᠬᠡᠶᠢᠰᠪᠦᠷᠢ︾ ᠪᠠᠶᠢᠬᠤ ᠶᠢ ᠴᠢᠩᠭ᠎ᠠ ᠴᠡᠭᠡᠷᠯᠡᠵᠦ᠂ ᠡᠯ᠎ᠡ ᠵᠦᠢᠯ ᠤᠨ ᠠᠵᠢᠯ ᠢ ᠤᠷᠤᠭᠰᠢ ᠠᠬᠢᠭᠤᠯᠬᠤ

ᠬᠡᠷᠡᠭᠲᠡᠢ᠃ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠦᠷ᠎ᠡ ᠳ᠋ᠦᠩ ᠢᠶᠠᠷ ᠪᠠᠷᠢᠮᠵᠢᠶ᠎ᠠ ᠪᠤᠯᠭᠠᠵᠤ᠂

ᠪᠣᠳᠠᠲᠤ ᠠᠮᠵᠢᠯᠲᠠ ᠪᠠᠷ ᠢᠶᠠᠨ ᠬᠠᠭᠤᠳᠠᠰᠣ ᠲᠤᠰᠢᠶᠠᠬᠤ ᠬᠡᠷᠡᠭᠲᠡᠶ᠃ ᠱᠠᠩᠨᠠᠵᠤ ᠲᠣᠷᠭᠠᠬᠤ ᠡᠷᠴᠢᠮ ᠢᠶᠠᠨ

ᠴᠢᠩᠭᠠᠷᠠᠭᠤᠯᠵᠤ᠂ ᠴᠢᠳᠠᠪᠤᠷᠢᠳᠡᠨ ᠢ ᠲᠡᠪᠰᠢᠬᠦᠯᠬᠦ᠂ ᠰᠢᠯᠢᠳᠡᠭ ᠢ ᠨᠢ ᠱᠠᠩᠨᠠᠬᠤ᠂ ᠴᠢᠳᠠᠯ ᠦᠭᠡᠢ ᠶᠢ ᠨᠢ ᠪᠠᠭᠤᠯᠭᠠᠬᠤ᠂

ᠲᠤᠷᠤᠢ ᠶᠢ ᠨᠢ ᠰᠢᠭᠰᠢᠭᠳᠡᠭᠦᠯᠬᠦ ᠬᠥᠮᠦᠨ ᠬᠡᠷᠡᠭᠯᠡᠬᠦ ᠤᠳᠤᠷᠢᠳᠤᠮᠵᠢ ᠶᠢ ᠪᠣᠶ ᠪᠣᠯᠭᠠᠵᠤ᠂ ᠺᠠᠳ᠋ᠷᠴᠣᠳ ᠤᠨ

ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠶ᠃ ᠡᠯ᠎ᠡ ᠲᠣᠭᠤᠷᠢᠭ

ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠣᠷᠣᠯᠴᠠᠵᠤ᠂ ᠭᠤᠣᠯᠳᠠᠯᠭ᠎ᠠ ᠲᠠᠢ

ᠠᠵᠤ ᠠᠬᠤᠶᠢᠯᠠᠯ ᠤᠨ ᠲᠦᠷᠦᠯ ᠵᠦᠢᠯ ᠵᠢᠴᠢ ᠬᠡᠷᠡᠭ ᠶᠠᠪᠤᠳᠠᠯ ᠢ ᠳᠣᠲᠣᠷ᠎ᠠ ᠪᠠᠨ ᠲᠤᠭ᠎ᠠ ᠲᠠᠢ ᠪᠠᠶᠢᠵᠤ᠂ ᠤᠶᠤᠨ

ᠴᠢᠳᠠᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠬᠥᠭᠵᠢᠯᠲᠡ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ

ᠲᠣᠭᠤᠷᠢᠨ ᠤ ᠬᠠᠮᠠᠭᠠᠯᠠᠯᠲᠠ ᠵᠢᠴᠢ ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠴᠡᠭᠴᠡᠯᠡᠨ ᠵᠠᠰᠠᠬᠤ ᠵᠡᠷᠭᠡ

ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号