ᠪᠥᠬᠦ ᠤᠯᠤᠰ ᠤᠨ ᠤᠷᠠᠨ ᠪᠢᠴᠢᠯᠭᠡ ᠶᠢᠨ ᠨᠠᠷᠠᠲᠤ ᠬᠥᠮᠦᠰ ᠤᠨ ᠪᠦᠲᠦᠭᠡᠯ ᠤᠨ ᠰᠣᠯᠢᠯᠴᠠᠭᠠᠨ ᠤ ᠠᠵᠢᠯᠯᠠᠭ᠎ᠠ ᠶᠢᠨ ᠪᠡᠯᠡᠳᠬᠡᠯ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2025/6/3
     6 ᠰᠠᠷ᠎ᠠ ᠶᠢᠨ 4 ᠤ ᠡᠳᠦᠷ ᠠᠴᠠ 8 ᠤ ᠡᠳᠦᠷ ᠪᠣᠯᠲᠠᠯ᠎ᠠ᠂ ︽ᠪᠡᠭᠡ ᠪᠠᠷ ᠦᠩᠬᠡᠯᠡᠭᠰᠡᠨ ᠰᠣᠯᠣᠩᠭ᠎ᠠ  ᠪᠢᠷ  ᠢᠶᠠᠷ ᠪᠢᠴᠢᠭᠯᠡᠭᠰᠡᠨ ᠤᠮᠠᠷᠠᠲᠤ ᠬᠢᠯᠢ︾ ᠭᠡᠬᠦ ᠪᠥᠬᠦ ᠤᠯᠤᠰ ᠤᠨ ᠤᠷᠠᠨ ᠪᠢᠴᠢᠯᠭᠡ ᠶᠢᠨ ᠨᠠᠷᠠᠲᠤ ᠬᠥᠮᠦᠰ ᠤᠨ ᠪᠦᠲᠦᠭᠡᠯ ᠤᠨ ᠰᠣᠯᠢᠯᠴᠠᠭᠠᠨ ᠤ ᠠᠵᠢᠯᠯᠠᠭ᠎ᠠ ᠮᠠᠨ ᠤ ᠬᠤᠲᠠ ᠳᠤ ᠶᠠᠪᠤᠭᠳᠠᠬᠤ ᠪᠣᠯᠤᠨ᠎ᠠ᠃ ᠣᠳᠣᠬᠠᠨ ᠳᠤ᠂ ᠡᠯ᠎ᠡ ᠵᠦᠢᠯ ᠤᠨ ᠠᠵᠢᠯ ᠢᠶᠠᠨ ᠶᠠᠭ ᠪᠠᠴᠢᠮ ᠶᠠᠭᠠᠷᠠᠯᠲᠠᠢ ᠪᠡᠯᠡᠳᠬᠡᠵᠦ ᠪᠠᠶᠢᠨ᠎ᠠ᠃      ᠰᠤᠷᠪᠤᠯᠵᠢᠯᠠᠭᠴᠢ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠤ ᠦᠵᠡᠬᠦᠯᠦᠯᠭᠡ ᠶᠢᠨ ᠲᠢᠩᠬᠢᠮ ᠳᠤ ᠣᠯᠵᠤ ᠦᠵᠡᠭᠰᠡᠨ ᠨᠢ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠥᠭᠡᠳ ᠡᠮᠬᠢ ᠵᠢᠷᠤᠮ ᠲᠠᠢ ᠪᠠᠶᠢᠳᠠᠯ ᠢᠯᠡᠷᠡᠵᠦ᠂ ᠠᠵᠢᠯᠲᠠᠳ ᠪᠦᠲᠦᠭᠡᠯ ᠢᠶᠠᠨ ᠬᠡᠷᠡᠮ ᠳᠡᠭᠡᠷ᠎ᠡ ᠬᠢᠴᠢᠶᠡᠩᠭᠦᠢ ᠪᠠᠷ ᠡᠯᠭᠦᠵᠦ᠂ ᠤᠰᠤᠨ ᠲᠦᠪᠰᠢᠨ ᠤ ᠬᠡᠮᠵᠢᠭᠦᠷᠯᠢᠭ ᠢᠶᠠᠷ ᠪᠦᠲᠦᠭᠡᠯ ᠤᠨ ᠪᠠᠶᠢᠷᠢ ᠶᠢ ᠲᠠᠬᠢᠨ ᠳᠠᠪᠲᠠᠨ ᠬᠠᠷᠭᠤᠭᠤᠯᠵᠤ᠂ ᠪᠦᠲᠦᠭᠡᠯ ᠤᠨ ᠬᠠᠮᠤᠭ ᠤᠨ ᠰᠠᠶᠢᠨ ᠪᠠᠶᠢᠳᠠᠯ ᠢᠶᠠᠷ ᠲᠣᠭᠤᠷᠢᠨ ᠦᠵᠡᠭᠴᠢᠳ ᠲᠤ ᠢᠯᠡᠷᠡᠭᠦᠯᠬᠦ ᠶᠢ ᠪᠠᠲᠤᠯᠠᠪᠡ᠃      ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠲᠠ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠣᠲᠣ ᠦᠶ᠎ᠡ ᠶᠢᠨ ᠵᠣᠬᠢᠶᠠᠨ ᠪᠦᠲᠦᠭᠡᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠠᠲᠤ ᠬᠥᠮᠦᠰ ᠤᠨ ᠤᠷᠢᠯᠭ᠎ᠠ ᠶᠢᠨ ᠦᠵᠡᠭᠦᠯᠦᠯᠭᠡ ᠪᠠ ᠡᠷᠳᠡᠮ ᠰᠢᠨᠵᠢᠯᠡᠭᠡᠨ ᠤ ᠰᠣᠯᠢᠯᠴᠠᠭ᠎ᠠ ᠪᠠᠷ ᠠᠵᠢᠯ ᠲᠥᠷᠥᠯ ᠤᠨ ᠬᠥᠭᠵᠢᠯᠲᠡ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃ ᠲᠤᠰ ᠣᠳᠠᠭᠠᠨ ᠤ ᠠᠵᠢᠯᠯᠠᠭ᠎ᠠ ᠰᠢᠨ᠎ᠡ ᠶᠢ ᠡᠭᠦᠳᠬᠦ ᠴᠢᠨᠠᠷᠳᠠᠢ ᠪᠠᠷ ︽ᠳᠡᠯᠭᠡᠨ ᠦᠵᠡᠭᠦᠯᠬᠦ+ ᠲᠣᠭᠤᠷᠢᠨ ᠦᠵᠡᠬᠦ+ ᠰᠣᠯᠢᠯᠴᠠᠬᠤ︾ ᠶᠢ ᠨᠢᠭᠡ ᠴᠣᠭᠴᠠᠵᠢᠯᠠᠭᠰᠠᠨ ᠵᠠᠭᠪᠤᠷ ᠢ ᠬᠡᠷᠡᠭᠯᠡᠪᠡ᠃ ᠦᠵᠡᠬᠦᠯᠦᠯᠭᠡ ᠳᠤ ᠪᠦᠬᠦ ᠤᠯᠤᠰ ᠤᠨ 80 ᠭᠠᠷᠤᠶ ᠤᠷᠠᠨ ᠪᠢᠴᠢᠯᠭᠡ ᠶᠢᠨ ᠲᠠᠪᠴᠠᠩ ᠤᠨ ᠨᠡᠷᠡᠲᠦ ᠬᠥᠮᠦᠰ ᠤᠨ 80 ᠭᠠᠷᠤᠶ ᠤᠷᠠᠨ ᠪᠢᠴᠢᠯᠭᠡ ᠶᠢᠨ ᠪᠦᠲᠦᠭᠡᠯ ᠢ ᠴᠤᠭᠯᠠᠭᠤᠯᠪᠠ᠂ ᠪᠢᠴᠢᠯᠭᠡ ᠶᠢᠨ ᠲᠢᠭ ᠲᠤ ᠭᠤᠷ ᠲᠢᠭ᠂ ᠵᠠᠪᠰᠠᠷ ᠤᠨ ᠲᠢᠭ᠂ ᠬᠢᠴᠢᠶᠡᠩᠬᠦᠢ ᠲᠢᠭ᠂ ᠲᠠᠳᠠᠯᠭᠠᠨ ᠲᠢᠭ᠂ ᠬᠠᠪᠳᠠᠭᠠᠢ ᠲᠢᠭ ᠪᠠᠭᠳᠠᠵᠤ᠂ ᠪᠦᠲᠦᠭᠡᠯ ᠤᠨ ᠬᠡᠪ ᠨᠠᠮᠪᠠ ᠨᠢ ᠠᠳᠠᠯᠢ ᠦᠭᠡᠢ᠂ ᠡᠰᠡᠬᠦᠯ᠎ᠡ ᠪᠣᠷᠣᠭᠵᠢᠭᠤᠨ ᠡᠷᠬᠢᠮᠰᠦᠭ᠂ ᠤᠶᠠᠨ ᠬᠠᠳᠠᠨ ᠪᠠᠶᠢᠵᠤ᠂ ᠣᠳᠣ ᠦᠶ᠎ᠡ ᠶᠢᠨ ᠤᠷᠠᠨ ᠪᠢᠴᠢᠯᠭᠡ ᠶᠢᠨ ᠲᠠᠪᠴᠠᠩ ᠳᠤ ᠵᠣᠬᠢᠶᠠᠨ ᠪᠦᠲᠦᠭᠡᠬᠦ ᠬᠡᠪ ᠵᠠᠭᠪᠤᠷ ᠪᠣᠯᠤᠨ ᠭᠤᠸ᠎ᠠ ᠰᠠᠶᠢᠬᠠᠨ ᠤ ᠯᠠᠪᠯᠠᠯᠲᠠ ᠬᠠᠩᠭᠠᠵᠤ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ· ᠦᠬᠠᠶ︾ ᠭᠡᠬᠦ ᠨᠡᠷᠡᠲᠦ ᠲᠡᠮᠳᠡᠭ ᠤᠨ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠰᠢᠨ᠎ᠡ ᠡᠯᠧᠮᠧᠨ᠋ᠲ ᠨᠡᠮᠡᠷᠢᠯᠡᠵᠦ᠂ ᠰᠢᠨ᠎ᠡ ᠡᠨᠧᠷᠭᠢ ᠬᠤᠷᠠᠮᠳᠤᠭᠤᠯᠬᠤ ᠪᠤᠯᠤᠨ᠎ᠠ᠃      ︽ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠤᠷᠠᠨ ᠪᠢᠴᠢᠯᠭᠡ ᠶᠢᠨ ᠰᠤᠷᠭᠠᠨ ᠬᠥᠮᠦᠵᠢᠯ ᠤᠨ ᠨᠠᠷᠠᠲᠤ ᠬᠥᠮᠦᠰ ᠤᠨ ᠶᠠᠷᠢᠯᠴᠠᠬᠤ ᠬᠤᠷᠠᠯ᠂ ︿ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ· ᠦᠬᠠᠢ﹀ ᠶᠢᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ᠂ ᠵᠣᠬᠢᠶᠠᠨ ᠪᠦᠲᠦᠭᠡᠬᠦ ᠪᠠ ᠳᠠᠭᠤᠷᠢᠶᠠᠬᠤ ᠪᠣᠯᠪᠠᠰᠤᠷᠠᠯ ᠤᠨ ᠠᠩᠭᠢ ᠵᠡᠷᠭᠡ ᠶᠢ ᠡᠷᠭᠢᠯᠡᠵᠦ᠂ ᠤᠷᠠᠨ ᠪᠢᠴᠢᠯᠭᠡ ᠶᠢᠨ ᠪᠠᠭ᠋ᠠᠲᠠᠶ ᠬᠥᠮᠦᠰ ᠲᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠬᠤ ᠪᠣᠯᠤᠨ᠎ᠠ᠃ ︿ᠪᠡᠭᠡ ᠪᠠᠷ ᠦᠩᠬᠡᠯᠡᠭᠰᠡᠨ ᠰᠣᠯᠣᠩᠭ᠎ᠠ  ᠪᠢᠷ ᠢᠶᠠᠷ ᠪᠢᠴᠢᠭᠯᠡᠭᠰᠡᠨ ᠤᠮᠠᠷᠠᠲᠤ ᠬᠢᠯᠢ﹀ ᠭᠡᠬᠦ ᠪᠦᠬᠦ ᠤᠯᠤᠰ ᠤᠨ ᠤᠷᠠᠨ ᠪᠢᠴᠢᠯᠭᠡ ᠶᠢᠨ ᠨᠡᠷᠡᠲᠦ ᠪᠦᠲᠦᠭᠡᠯ ᠤᠨ ᠤᠷᠢᠯᠭ᠎ᠠ ᠶᠢᠨ ᠦᠵᠡᠭᠦᠯᠦᠯᠭᠡ ᠶᠢ ᠦᠬᠠᠢ  ᠳᠤ ᠠᠩᠬ᠎ᠠ ᠤᠳᠠᠭ᠎ᠠ ᠲᠡᠯᠭᠡᠨ ᠦᠵᠡᠬᠦᠯᠦᠭᠰᠡᠨ ᠳᠠᠷᠠᠭ᠎ᠠ᠂ ᠬᠥᠬᠡᠬᠤᠲᠠ᠂ ᠬᠥᠯᠥᠨ ᠪᠤᠶᠢᠷ ᠵᠡᠷᠭᠡ 8 ᠭᠠᠵᠠᠷ ᠲᠤ ᠬᠦᠷᠴᠦ ᠲᠡᠯᠭᠡᠨ ᠦᠵᠡᠭᠦᠯᠵᠤ᠂ ᠤᠷᠠᠨ ᠪᠢᠴᠢᠯᠭᠡ ᠶᠢᠨ ᠤᠷᠠᠯᠢᠭ ᠤᠨ ᠰᠣᠶᠣᠯ ᠤᠨ ᠭᠧᠨ ᠢ ᠠᠭᠤᠳᠠᠯᠬᠤ ᠪᠠᠷ ᠳᠠᠮᠵᠢᠨ᠂ ᠴᠠᠭ ᠦᠶ᠎ᠡ ᠶᠢᠨ ᠵᠣᠷᠢᠭ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ︿ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ· ᠦᠬᠠᠶ﹀ ᠶᠢᠨ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠴᠢᠳᠠᠪᠤᠷᠢ ᠨᠡᠮᠡᠷᠢᠯᠡᠨ᠎ᠡ︾ ᠬᠡᠵᠦ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠳᠡᠳ᠋ ᠲᠡᠷᠢᠭᠦᠯᠡᠭᠴᠢ ᠶᠠᠩ ᠿᠦᠢ ᠴᠢᠨ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号