5 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠴᠢᠶᠣᠤ ᠢᠦᠶ | ᠣᠷᠣᠯᠴᠠᠪᠡ᠃ | | | | | ᠪᠠᠢ ᠯᠧᠦ ᠨᠡᠶᠢᠭᠡᠮ ᠲᠣᠭᠤᠷᠢᠭ᠂ ᠴᠠᠩ ᠴᠢᠩ ᠨᠡᠶᠢᠭᠡᠮ ᠲᠣᠭᠤᠷᠢᠭ ᠪᠣᠯᠤᠨ ᠴᠡᠴᠡᠷᠯᠢᠭ ᠨᠡᠶᠢᠭᠡᠮ | ᠲᠣᠭᠤᠷᠢᠭ ᠲᠤ᠂ ᠵᠧᠦ ᠶᠢᠨ ᠰᠢᠩ ᠨᠡᠶᠢᠭᠡᠮ ᠲᠣᠭᠤᠷᠢᠭ ᠤᠨ ᠢᠳᠡᠰᠢᠨ ᠨᠣᠭᠤᠭ᠎ᠠ ᠶᠢᠨ ᠰᠢᠭᠤᠳ ᠪᠣᠷᠣᠯᠠᠭᠤᠯᠬᠤ | ᠳᠡᠯᠭᠡᠭᠦᠷ᠂ ᠠᠷᠠᠳ ᠲᠤ ᠲᠦᠬᠦᠮ ᠦᠵᠡᠭᠦᠯᠬᠦ ᠴᠢᠯᠤᠭᠡᠲᠤ ᠳᠡᠯᠭᠡᠭᠦᠷ᠂ ᠬᠠᠮᠲᠤᠪᠠᠷ ᠡᠳ᠋ᠯᠡᠬᠦ ᠨᠣᠮ ᠤᠨ ᠰᠠᠩ ᠵᠡᠷᠭᠡ | ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ ᠪᠣᠯᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠢ ᠨᠢ | ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠠᠳᠠᠯᠢ ᠪᠤᠰᠤ ᠬᠠᠮᠲᠤᠯᠢᠭ ᠤᠨ ᠪᠣᠳᠠᠲᠠᠢ ᠬᠡᠷᠡᠭᠴᠡᠭᠡ ᠶᠢᠨ | ᠲᠣᠭᠤᠷᠢᠨ ᠳᠤ᠂ ᠴᠢᠳᠠᠮᠵᠢᠳᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠨᠳᠤᠯᠭᠠᠲᠤ ᠴᠢᠨᠠᠷᠲᠠᠢ ᠪᠠᠷ ᠪᠠᠶᠢᠷᠢᠰᠢᠭᠤᠯᠵᠤ᠂ | ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠪᠠᠨ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ | ᠤᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠠᠷᠠᠳ ᠲᠤ ᠲᠦᠬᠦᠮ ᠦᠵᠡᠭᠦᠯᠬᠦ | ᠤᠳᠤᠷᠢᠳᠤᠮᠵᠢ ᠶᠢ ᠲᠤᠪᠤᠶᠢᠯᠭᠠᠵᠦ᠂ ︽ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ︾ ᠵᠠᠷᠴᠢᠮ ᠶᠣᠰᠣᠭᠠᠷ᠂ ᠤᠢᠢᠷ᠎ᠠ | ᠬᠠᠪᠢ ᠳᠤᠨᠢ ︽ᠪᠠᠭ᠎ᠠ ᠵᠠᠰᠠᠵᠤ ᠪᠠᠭ᠎ᠠ ᠨᠥᠬᠦᠪᠥᠷᠢᠯᠡᠬᠦ︾ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ | ᠢᠶᠠᠨ ᠨᠥᠬᠦᠪᠥᠷᠢᠯᠡᠵᠦ᠂ ᠰᠠᠭᠤᠭᠠᠯᠢ ᠠᠷᠠᠳ ᠲᠤ ᠭᠡᠷ ᠤᠨ ᠡᠭᠦᠳᠡᠨ ᠳᠠᠬᠢ ᠳᠥᠭᠦᠮ ᠳᠥᠲᠡ ᠦᠢᠯᠡᠴᠢᠯᠡᠭᠡ | ᠬᠦᠷᠲᠡᠭᠡᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠲᠠᠪᠴᠠᠩ ᠢ ᠠᠰᠢᠭᠯᠠᠨ᠂ ᠨᠢᠭᠡ ᠪᠦᠯᠦᠭ | ᠲᠦᠷᠦᠭᠦᠦ ᠳᠡᠯᠭᠡᠭᠦᠷ᠂ ᠬᠠᠭᠤᠴᠢᠨ ᠨᠠᠷᠠᠲᠤ ᠲᠥᠷᠥᠯ ᠲᠡᠮᠳᠡᠭᠲᠦ ᠶᠢ ᠣᠷᠣᠭᠤᠯᠤᠨ ᠠᠪᠴᠢᠷᠠᠵᠤ᠂ ᠨᠠᠩ ᠣᠯᠠᠨ | ᠪᠡᠶᠡᠴᠢᠯᠡᠨ ᠣᠶᠢᠯᠠᠭᠠᠬᠤ ᠮᠠᠶ᠋ᠢᠭ ᠤᠨ᠂ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠴᠢᠩᠭ᠎ᠠ ᠬᠡᠷᠡᠭᠯᠡᠭᠡᠨ ᠤ ᠰᠢᠨ᠎ᠡ | ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠪᠣᠶ ᠪᠣᠯᠭᠠᠵᠤ᠂ ᠬᠡᠷᠡᠭᠯᠡᠭᠡ ᠶᠢᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ᠃ | ᠲᠠᠷᠢᠶᠠᠴᠢᠳ ᠪᠠ ᠴᠢᠯᠤᠭᠡᠲᠤ ᠳᠡᠯᠭᠡᠭᠦᠷ ᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ | ᠰᠠᠭᠤᠭᠠᠯᠢ ᠠᠷᠠᠳ ᠲᠤ ᠰᠢᠨ᠎ᠡ ᠰᠣᠷᠭᠤᠭ ᠴᠢᠨᠠᠷ ᠰᠠᠶᠢᠲᠠᠶ ᠴᠡᠪᠡᠷ ᠨᠣᠭᠤᠭ᠎ᠠ ᠬᠠᠩᠭᠠᠬᠤ ᠬᠡᠷᠡᠭᠲᠡᠶ ᠭᠡᠵᠡᠢ᠃ | ᠰᠢᠨᠬᠤᠸᠠ ᠨᠡᠶᠢᠭᠡᠮ ᠲᠣᠭᠤᠷᠢᠭ ᠲᠤ᠂ ᠵᠧᠦ ᠶᠢᠨ ᠰᠢᠩ ᠡᠷᠡᠭᠦᠯᠵᠢᠯ ᠰᠤᠪᠢᠯᠠᠯᠲᠠ ᠶᠢᠨ ᠭᠤᠣᠯ ᠰᠡᠳᠦᠪᠲᠦ | ᠪᠢᠴᠢᠯ ᠴᠡᠴᠡᠷᠯᠢᠭ ᠲᠤ ᠬᠦᠷᠴᠦ᠂ ᠬᠤᠳᠠ ᠶᠢᠨ ᠥᠨᠴᠥᠭ ᠪᠤᠯᠤᠩ ᠭᠠᠵᠠᠷ ᠤᠨ ᠠᠰᠢᠭᠯᠠᠯᠲᠠ ᠪᠣᠯᠤᠨ ᠴᠡᠴᠡᠷᠯᠢᠭ ᠤᠨ | ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠨᠢ ᠣᠶᠢᠯᠠᠭᠠᠪᠠ᠃ ᠲᠡᠷᠡ ᠬᠡᠯᠡᠭᠰᠡᠨ ᠨᠢ᠂ ᠨᠢᠭᠡ ᠮᠦᠴᠡᠲᠤ ᠨᠡᠶᠢᠭᠡᠮ | ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠰᠤᠯᠠ ᠪᠠᠶᠢᠭ᠎ᠠ | ᠡᠳ᠋ ᠬᠥᠷᠥᠩᠭᠡ ᠪᠠ ᠬᠤᠲᠠ ᠶᠢᠨ ᠥᠨᠴᠥᠭ ᠪᠤᠯᠤᠩ ᠤᠨ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠥᠭᠡᠷᠡᠴᠢᠯᠡᠨ | ᠳᠡᠭᠡᠭᠰᠢᠯᠡᠭᠦᠯᠬᠦ ᠪᠠᠷ ᠳᠠᠮᠵᠢᠭᠤᠯᠤᠨ᠂ ᠨᠢᠭᠡ ᠪᠦᠯᠦᠭ ᠲᠠᠮᠢᠷ ᠤᠨ ᠬᠥᠳᠡᠯᠭᠡᠭᠡᠨ ᠢᠶᠠᠷ ᠪᠡᠶ᠎ᠡ ᠴᠢᠭᠢᠷᠠᠭᠵᠢᠭᠤᠯᠬᠤ᠂ | ᠰᠡᠯᠡᠭᠦᠴᠡᠯ ᠵᠤᠭ᠎ᠠ ᠴᠡᠩᠭᠡᠯ ᠤᠨ ᠲᠠᠯᠠᠪᠤᠷ ᠪᠠᠶᠢᠭᠤᠯᠵᠤ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡ ᠪᠠᠷ | ᠴᠢᠬᠤᠯᠠᠴᠢᠯᠠᠵᠤ᠂ ᠣᠷᠣᠰᠢᠨ ᠰᠠᠭᠤᠬᠤ ᠣᠷᠴᠢᠨ ᠨᠥᠬᠦᠴᠡᠯ ᠢ ᠨᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ ᠭᠡᠵᠡᠢ᠃ | | |