2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠴᠠᠭ ᠢ | ᠲᠣᠩᠭᠤᠷᠤᠭᠤᠯᠤᠨ ᠪᠤᠳᠤᠬᠤ ᠬᠤᠭᠤᠴᠠᠭᠠᠨ ᠳᠤ ᠣᠷᠣᠵᠤ᠂ ᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ | ᠡᠯᠰᠡᠬᠦ ᠰᠢᠯᠭᠠᠯᠲᠠ ᠶᠢᠨ ᠲᠥᠪ ᠠᠴᠠ 6 ᠰᠠᠷ᠎ᠠ ᠶᠢᠨ 3 ᠤ ᠡᠳᠦᠷ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠯᠭᠠᠯᠲᠠ ᠶᠢᠨ ᠴᠢᠭ ᠤᠨ ᠪᠠᠶᠢᠷᠢᠯᠠᠭᠤᠯᠤᠯᠲᠠ ᠵᠢᠴᠢ ᠰᠢᠯᠭᠠᠯᠲᠠ ᠶᠢᠨ ᠴᠠᠭ ᠤᠨ ᠲᠣᠬᠢᠷᠠᠭᠤᠯᠤᠯᠲᠠ ᠶᠢ | ᠨᠡᠶᠢᠲᠡᠯᠡᠪᠡ᠃ | ᠣᠶᠢᠯᠠᠭᠠᠭᠰᠠᠨ ᠢᠶᠠᠷ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ | ᠪᠥᠬᠦ ᠬᠤᠲᠠ ᠳᠤ ᠬᠠᠶᠢᠷᠤᠪ ᠤᠨ ᠲᠣᠬᠤᠶ ᠲᠣᠭᠤᠷᠢᠭ᠂ ᠤᠳᠠ ᠲᠣᠭᠤᠷᠢᠭ 2 ᠰᠢᠯᠭᠠᠯᠲᠠ ᠶᠢᠨ ᠲᠣᠭᠤᠷᠢᠭ᠂ 4 | ᠰᠢᠯᠭᠠᠯᠲᠠ ᠶᠢᠨ ᠴᠢᠭ᠂ 117 ᠰᠢᠯᠭᠠᠯᠲᠠ ᠶᠢᠨ ᠲᠠᠯᠠᠪᠠᠶ ᠲᠣᠬᠢᠷᠠᠭᠤᠯᠪᠠ᠃ ᠡᠭᠦᠨ ᠳᠤ᠂ ᠬᠠᠶᠢᠷᠤᠪ ᠤᠨ ᠲᠣᠬᠤᠢ | ᠲᠣᠭᠤᠷᠢᠭ ᠲᠤ 3 ᠰᠢᠯᠭᠠᠯᠲᠠ ᠶᠢᠨ ᠴᠢᠭ᠂ 85 ᠰᠢᠯᠭᠠᠯᠲᠠ ᠶᠢᠨ ᠲᠠᠯᠠᠪᠠᠶ ᠲᠤᠬᠢᠷᠠᠭᠤᠯᠪᠠ᠂ ᠲᠣᠰ ᠲᠣᠰ | ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ 33 ᠰᠢᠯᠭᠠᠯᠲᠠ ᠶᠢᠨ ᠲᠠᠯᠠᠪᠠᠶ᠂ ᠬᠤᠲᠠ ᠶᠢᠨ | ᠭᠤᠷᠪᠠᠳᠤᠭᠠᠷ ᠳᠤᠮᠳᠠᠳᠤ ᠰᠤᠷᠭᠠᠭᠤᠯᠢ ᠶᠢᠨ 29 ᠰᠢᠯᠭᠠᠯᠲᠠ ᠶᠢᠨ ᠲᠠᠯᠠᠪᠠᠶ᠂ ᠬᠤᠲᠠ ᠶᠢᠨ ᠨᠠᠢᠮᠠᠳᠤᠭᠠᠷ ᠳᠤᠮᠳᠠᠳᠤ | ᠰᠤᠷᠭᠠᠭᠤᠯᠢ ᠶᠢᠨ 23 ᠰᠢᠯᠭᠠᠯᠲᠠ ᠶᠢᠨ ᠲᠠᠯᠠᠪᠠᠢ ᠪᠤᠯᠤᠨ᠎ᠠ︔ ᠤᠳᠠ ᠲᠣᠭᠤᠷᠢᠭ ᠲᠤ ᠤᠳᠠ ᠲᠣᠭᠤᠷᠢᠭ ᠤᠨ | ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ 1 ᠰᠢᠯᠭᠠᠯᠲᠠ ᠶᠢᠨ ᠴᠢᠭ᠂ 32 ᠰᠢᠯᠭᠠᠯᠲᠠ ᠶᠢᠨ ᠲᠠᠯᠠᠪᠠᠢ | ᠲᠤᠬᠢᠷᠠᠭᠤᠯᠪᠠ᠃ | ᠰᠢᠯᠭᠠᠯᠳᠠ ᠶᠢᠨ ᠴᠠᠭ ᠢ ᠳᠣᠤᠷᠠᠬᠢ ᠮᠡᠲᠦ ᠲᠣᠬᠢᠷᠠᠭᠤᠯᠪᠠ᠄ | 6 ᠰᠠᠷ᠎ᠠ ᠶᠢᠨ 7 ᠤ ᠡᠳᠦᠷ᠄ 9᠄ 00— 11᠄ 30 ᠬᠡᠯᠡ ᠪᠢᠴᠢᠭ︔ 15᠄ 00— 17᠄ 00 | ᠲᠣᠭᠠᠨ ᠤ ᠤᠬᠠᠭᠠᠨ | 6 ᠰᠠᠷ᠎ᠠ ᠶᠢᠨ 8 ᠤ ᠡᠳᠦᠷ᠄ 9᠄ 00— 10᠄ 15 ᠹᠢᠽᠢᠺ/ ᠲᠡᠦᠬᠡ︔ 15᠄ 00— 17᠄ 00 | ᠭᠠᠳᠠᠭᠠᠳᠤ ᠬᠡᠯᠡ | 6 ᠰᠠᠷ᠎ᠠ ᠶᠢᠨ 9 ᠤ ᠡᠳᠦᠷ᠄ 8᠄ 30— 9᠄ 45 ᠬᠢᠮᠢ︔ 11᠄ 00—12᠄ 15 ᠭᠠᠵᠠᠷ ᠵᠦᠢ︔ | 14᠄ 30—15᠄ 45 ᠦᠵᠡᠯ ᠰᠠᠨᠠᠭ᠎ᠠ ᠤᠯᠤᠰ ᠲᠥᠷᠥ︔ 17᠄ 00— 18᠄ 15 ᠠᠮᠢᠳᠤ ᠪᠣᠳᠠᠰ ᠤᠨ | ᠤᠬᠠᠭᠠᠨ | 6 ᠰᠠᠷ᠎ᠠ ᠶᠢᠨ 10 ᠤ ᠡᠳᠦᠷ᠄ 9᠄ 00— 11᠄ 00 ᠮᠣᠩᠭᠤᠯ ᠬᠡᠯᠡ ᠪᠢᠴᠢᠭ | ᠳᠣᠲᠣᠨᠣ ᠰᠠᠨᠠᠭᠤᠯᠤᠮᠵᠢ᠄ | ᠡᠨᠡ ᠵᠢᠯ ᠤᠨ ᠰᠢᠯᠭᠠᠯᠲᠠ ᠶᠢᠨ ᠴᠠᠭ ᠨᠢ ᠥᠩᠭᠡᠷᠡᠭᠰᠡᠨ ᠵᠢᠯ ᠤᠳ ᠲᠠᠢ ᠠᠳᠠᠯᠢ ᠦᠭᠡᠢ᠂ ᠰᠢᠯᠭᠠᠭᠤᠯᠤᠭᠴᠢ | ᠰᠢᠯᠭᠠᠯᠲᠠ ᠶᠢᠨ ᠴᠢᠭ ᠤᠨ ᠣᠷᠣᠨ ᠪᠠᠶᠢᠷᠢ ᠵᠢᠴᠢ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠪᠠᠶᠢᠳᠠᠯ ᠢ | ᠤᠷᠢᠳᠴᠢᠯᠠᠨ ᠣᠶᠢᠯᠠᠭᠠᠵᠤ᠂ ᠭᠠᠷᠬᠤ ᠴᠠᠭ ᠢᠶᠠᠨ ᠵᠦᠶ ᠵᠣᠬᠢᠰᠲᠠᠶ ᠳᠣᠭᠢᠷᠠᠭᠤᠯᠤᠨ᠂ ᠬᠤᠵᠢᠮᠳᠠᠬᠤ ᠠᠴᠠ ᠵᠠᠶᠢᠯᠠᠰᠬᠢᠬᠦ | ᠬᠡᠷᠡᠭᠳᠡᠢ᠃ ᠰᠢᠯᠭᠠᠭᠤᠯᠤᠭᠴᠢ ᠡᠷᠬᠡᠪᠰᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ᠂ ᠪᠡᠶ᠎ᠡ ᠶᠢᠨ ᠦᠨᠡᠮᠯᠡᠯ ᠢᠶᠠᠷ ᠢᠶᠠᠨ | ᠲᠠᠯᠠᠪᠠᠶ ᠳᠤ ᠣᠷᠣᠵᠣ᠂ ᠭᠠᠷ ᠤᠲᠠᠰᠤ ᠵᠡᠷᠭᠡ ᠡᠯᠧᠺᠲᠷᠣᠨ ᠲᠥᠬᠦᠭᠡᠷᠦᠮᠵᠢ ᠠᠪᠴᠤ ᠶᠠᠪᠤᠬᠤ ᠶᠢ ᠴᠢᠩᠭ᠎ᠠ | ᠴᠠᠭᠠᠵᠠᠯᠠᠵᠤ᠂ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠡᠭᠲᠡᠶ᠃ | |