ᠵᠧᠤ ᠶᠢᠨ ᠰᠢᠩ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/6/4
     ᠣᠶᠢᠷ᠎ᠠ ᠳᠤ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠨᠢᠭᠡᠳᠦᠭᠡᠷ ᠪᠦᠯᠦᠭ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠯᠵᠢᠭᠦᠯᠦᠨ ᠰᠢᠢᠳᠪᠦᠷᠢᠯᠡᠭᠦᠯᠪᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠶᠢᠨ ᠰᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠰᠠᠭᠤᠳᠠᠯ ᠢ ᠴᠢᠩᠭ᠎ᠠ ᠪᠥᠭᠡᠳ ᠲᠦᠷᠭᠡᠨ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠠᠬᠢᠭᠤᠯᠵᠤ᠂ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠵᠧᠦ ᠶᠢᠨ ᠰᠢᠩ ᠤᠷᠢᠳ ᠬᠤᠵᠢᠳ ᠤᠤᠯ ᠤᠨ ᠬᠤᠳᠠ ᠶᠢᠨ ᠭᠤᠯᠢᠷ ᠤᠨ ᠦᠢᠯᠡᠳᠪᠦᠷᠢ ᠪᠣᠯᠤᠨ ᠮᠣᠳᠣᠨ ᠬᠡᠷᠡᠭᠰᠡᠯ ᠤᠨ ᠦᠢᠯᠡᠳᠪᠦᠷᠢ ᠳᠤ ᠬᠦᠷᠴᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠪᠣᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠣᠯᠤᠨ᠎ᠠ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠵᠢᠯ ᠤᠨ ᠳᠤᠮᠳᠠᠬᠢ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠪᠠᠶᠢᠴᠠᠭᠠᠨ ᠦᠵᠡᠵᠦ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠦᠷᠭᠡᠨ ᠰᠢᠢᠳᠪᠦᠷᠢᠯᠡᠵᠦ᠂ ᠠᠩᠬᠠᠷᠣᠯ ᠲᠠᠯᠪᠢᠨ ᠰᠢᠢᠳᠪᠦᠷᠢᠯᠡᠵᠦ᠂ ᠰᠢᠮᠳᠠᠭᠤᠯᠤᠨ ᠰᠢᠢᠳᠪᠦᠷᠢᠯᠡᠭᠦᠯᠵᠦ᠂ ᠨᠢᠭᠡ ᠯᠡ ᠳᠡᠭᠡᠷ᠎ᠡ ᠡᠴᠦᠰ ᠲᠤᠨᠢ ᠲᠤᠯᠲᠠᠯ᠎ᠠ‌ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠷ᠎ᠡ ᠳ᠋ᠦᠩ ᠭᠠᠷᠭᠠᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠶᠢ ᠠᠬᠢᠭᠤᠯᠵᠤ᠂ ᠪᠣᠳᠠᠲᠠᠢ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠦᠸᠧ ᠢ ᠵᠢᠶᠧ ᠣᠷᠣᠯᠴᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号