■ ︽ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠥᠪᠥᠷ | ᠮᠣᠩᠭᠤᠯ ᠳᠤ︾ | 6 ᠰᠠᠷ᠎ᠠ ᠶᠢᠨ 4 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠵᠢᠷᠭᠤᠳᠣᠭᠠᠷ ᠪᠦᠯᠦᠭ ᠤᠨ ᠦᠬᠠᠢ ᠬᠤᠳᠠ ᠳᠤ ᠬᠤᠯᠪᠣᠭᠳᠠᠭᠰᠠᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ | ᠢᠯᠡᠴᠢᠯᠡᠨ ᠮᠡᠳᠡᠭᠦᠯᠦᠭᠰᠡᠨ ᠨᠡᠶᠢᠳᠡ 2 ᠬᠡᠷᠡᠭ ᠢ ᠲᠤᠰᠢᠶᠠᠨ ᠥᠭᠴᠦ ᠰᠢᠢᠳᠪᠦᠷᠢᠯᠡᠭᠦᠯᠪᠡ ︵ᠭᠤᠣᠯᠳᠠᠯᠭ᠎ᠠ ᠲᠠᠢ | ᠠᠩᠬᠠᠷᠴᠤ ᠪᠠᠶᠢᠭ᠎ᠠ ᠬᠡᠷᠡᠭ ᠦᠭᠡᠢ︶᠂ ᠡᠭᠦᠨ ᠳᠤ ᠤᠲᠠᠰᠤ ᠪᠠᠷ ᠢᠯᠡᠴᠢᠯᠡᠨ ᠮᠡᠳᠡᠭᠦᠯᠦᠭᠰᠡᠨ ᠬᠡᠷᠡᠭ 2 ᠬᠤᠪᠢ᠂ | ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ 0 ᠬᠤᠪᠢ ᠪᠤᠢ᠃ ᠲᠣᠰ ᠪᠦᠯᠦᠭ ᠤᠨ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠨᠢ ᠬᠠᠶᠢᠷᠤᠪ ᠤᠨ ᠲᠣᠬᠤᠢ ᠲᠣᠭᠤᠷᠢᠭ ᠤᠨ 2 ᠬᠤᠪᠢ ᠬᠡᠷᠡᠭ ᠲᠤ ᠬᠤᠯᠪᠣᠭᠳᠠᠨ᠎ᠠ᠃ | ᠲᠣᠰ ᠪᠦᠯᠦᠭ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠨᠢ ᠬᠦᠷᠦᠰᠦ ᠰᠢᠷᠣᠢ ᠶᠢᠨ ᠪᠣᠬᠢᠷᠲᠤᠯ ᠤᠨ | ᠠᠰᠠᠭᠤᠳᠠᠯ ᠳᠤ 1 ᠬᠤᠪᠢ᠂ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠳᠤ 1 ᠬᠤᠪᠢ ᠬᠤᠯᠪᠣᠭᠳᠠᠨ᠎ᠠ᠃ | ᠳᠡᠭᠡᠷ᠎ᠡ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠪᠦᠬᠦᠨ ᠢ ᠴᠠᠭ | ᠲᠤᠬᠠᠶ ᠳᠤᠨᠢ ᠰᠢᠯᠵᠢᠭᠦᠯᠦᠨ ᠥᠭᠴᠦ ᠪᠠᠶᠢᠴᠠᠭᠠᠨ ᠰᠢᠢᠳᠪᠦᠷᠢᠯᠡᠭᠦᠯᠪᠡ᠃ | |