6 ᠰᠠᠷ᠎ᠠ ᠶᠢᠨ 2 ᠤᠨ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠬᠤ ᠳᠤᠭᠤᠶᠢᠯᠠᠩ ᠮᠠᠨ ᠤ ᠬᠤᠳᠠ ᠳᠤ ᠲᠠᠪᠤᠳᠤᠭᠠᠷ ᠪᠦᠯᠦᠭ ᠤᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ | ᠰᠢᠯᠵᠢᠭᠦᠯᠦᠨ ᠰᠢᠢᠳᠪᠦᠷᠢᠯᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 6 ᠰᠠᠷ᠎ᠠ ᠶᠢᠨ 3 ᠤ ᠡᠳᠦᠷ ᠬᠡᠷᠡᠭ ᠢ ᠰᠢᠢᠳᠪᠦᠷᠢᠯᠡᠭᠰᠡᠨ | ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠤᠨ ᠨᠠᠶᠢᠳᠠᠪᠤᠷᠢᠵᠢᠭᠤᠯᠵᠤ᠂ | ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠶᠢᠨ ᠤᠯᠤᠰ ᠲᠦᠷᠦᠴᠢ | ᠴᠢᠨᠠᠷ᠂ ᠲᠥᠪ ᠴᠢᠩᠭ᠎ᠠ ᠴᠢᠨᠠᠷ ᠢ ᠭᠦᠨᠵᠡᠭᠡᠢ ᠲᠠᠨᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠲᠦᠷᠭᠡᠨ | ᠠᠵᠢᠯᠯᠠᠭ᠎ᠠ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | ᠾᠧᠩᠯᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠤᠬᠢᠶᠠᠬᠤ ᠦᠢᠯᠡᠳᠪᠦᠷᠢ ᠳᠤ᠂ ᠼᠦᠢ ᠵᠢᠩ | ᠶᠢᠩ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠪᠠ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠬᠡᠷᠡᠭ ᠢ ᠳᠠᠭᠠᠭᠠᠴᠢᠯᠠᠭᠰᠠᠨ | ᠤᠳᠤᠷᠢᠳᠤᠯᠭ᠎ᠠ᠂ ᠬᠠᠷᠢᠶ᠎ᠠ ᠭᠠᠵᠠᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ | ᠲᠠᠯ᠎ᠠ ᠪᠠᠷ ᠲᠠᠬᠢᠨ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠠᠬᠢᠨ ᠬᠦᠴᠦᠯᠡᠵᠦ᠂ ᠨᠥᠬᠦᠴᠡᠯ | ᠲᠤᠷᠠᠳᠬᠤ ᠦᠭᠡᠢ᠂ ᠰᠢᠯᠲᠠᠭ ᠡᠷᠢᠬᠦ ᠦᠭᠡᠢ ᠪᠠᠷ ᠳᠠᠷᠤᠢ ᠲᠦᠷᠭᠡᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ | ᠠᠪᠴᠤ᠂ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ᠂ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠵᠤ᠂ ᠦᠨᠡᠨ | ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ | ᠬᠠᠷᠢᠭᠤᠯᠲᠠ ᠥᠭᠬᠦ ᠬᠡᠷᠡᠭᠲᠡᠢ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ | ᠬᠡᠷᠡᠭ ᠢ ᠰᠢᠢᠳᠪᠦᠷᠢᠯᠡᠬᠦ ᠪᠠᠷ ᠠᠵᠠ ᠲᠣᠬᠢᠶᠠᠯ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠪᠠᠶᠢᠭᠠᠳ | ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠠᠮᠢ ᠠᠬᠤᠢ ᠣᠷᠴᠢᠨ | ᠲᠣᠭᠤᠷᠢᠨ ᠤ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠠᠮᠢ ᠠᠬᠤᠢ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠬᠤᠳᠠ ᠶᠢᠨ ᠤᠳᠤᠷᠢᠳᠤᠯᠭ᠎ᠠ ᠭᠦᠸᠧ ᠢ ᠵᠢᠶᠧ ᠣᠷᠣᠯᠴᠠᠪᠠ᠃ |