6 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠴᠠᠯᠢᠩ ᠥᠷᠢᠲᠦᠬᠦ ᠶᠢ ᠴᠡᠭᠴᠡᠯᠡᠨ ᠵᠠᠰᠠᠬᠤ ᠠᠵᠢᠯ ᠢ ᠬᠢᠨᠠᠨ ᠵᠢᠯᠣᠭᠤᠳᠪᠠ᠃ ᠬᠤᠲᠠ ᠶᠢᠨ | ᠤᠳᠤᠷᠢᠳᠤᠯᠭ᠎ᠠ ᠯᠢ ᠴᠦᠨ ᠰᠢᠶᠤᠤ ᠣᠷᠣᠯᠴᠠᠪᠡ᠃ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ᠂ | ᠵᠧᠤ ᠶᠢᠨ ᠰᠢᠩ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠥᠯᠥᠰᠥᠨ ᠠᠵᠢᠯᠴᠢᠨ ᠤ | ᠴᠠᠯᠢᠩ ᠢ ᠥᠭᠬᠦ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠢ | ᠪᠠᠶᠢᠴᠠᠭᠠᠨ ᠦᠵᠡᠵᠦ᠂ ᠪᠥᠬᠦ ᠬᠤᠲᠠ ᠶᠢᠨ ᠴᠠᠯᠢᠩ ᠥᠷᠢᠲᠦᠬᠦ ᠶᠢ ᠵᠠᠰᠠᠭᠰᠠᠨ ᠠᠵᠢᠯ ᠤᠨ ᠠᠬᠢᠴᠠ ᠶᠢᠨ ᠪᠠᠶᠢᠳᠠᠯ | ᠤᠨ ᠬᠠᠷᠢᠭᠤ ᠮᠡᠳᠡᠬᠦᠯᠦᠯᠳᠡ ᠶᠢ ᠨᠢ ᠰᠣᠨᠣᠰᠪᠠ᠃ ᠲᠡᠷᠡ ᠬᠡᠯᠡᠭᠰᠡᠨ ᠨᠢ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠲᠦᠷᠦᠭᠦᠯᠡᠨ ᠶᠡᠷᠦᠩᠬᠡᠶᠢᠯᠡᠨ ᠠᠳᠬᠤᠬᠤ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠥᠷᠥᠯ ᠵᠦᠢᠯ ᠤᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ | ᠬᠠᠮᠲᠤᠪᠠᠷ ᠡᠳ᠋ᠯᠡᠬᠦ ᠠᠵᠢᠯ ᠤᠨ ᠲᠣᠭᠲᠠᠴᠠ ᠪᠠᠨ ᠪᠠᠶᠢᠭᠤᠯᠤᠨ ᠪᠦᠷᠢᠨᠰᠢᠬᠦᠯᠵᠦ᠂ ᠰᠠᠯᠠᠭ᠎ᠠ ᠮᠥᠴᠢᠷ ᠤᠨ ᠬᠠᠮᠵᠢᠯᠴᠠᠨ | ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠬᠥᠳᠡᠯᠦᠩᠭᠦᠶ ᠬᠢᠨᠠᠨ ᠬᠡᠮᠵᠢᠯᠲᠡ᠂ ᠥᠨᠳᠥᠷ ᠪᠦᠲᠦᠮᠵᠢᠲᠡᠶ | ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ | ᠢᠶᠠᠨ ᠰᠠᠶᠢᠲᠤᠷ ᠠᠰᠢᠭᠯᠠᠵᠤ᠂ ᠡᠯ᠎ᠡ ᠠᠵᠢᠯ ᠲᠦᠷᠦᠯ ᠤᠨ ᠬᠦᠷᠢᠶᠡᠨ ᠤ ᠪᠠᠷᠢᠯᠭ᠎ᠠ ᠶᠢᠨ ᠲᠦᠷᠦᠯ ᠵᠦᠢᠯ ᠳᠤ ᠪᠦᠬᠦᠨ ᠢ | ᠪᠦᠷᠬᠦᠬᠦᠯᠦᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ | ᠠᠷᠭ᠎ᠠ ᠬᠢᠳᠡᠯ ᠢ ᠰᠤᠷᠤᠯᠴᠠᠵᠤ᠂ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠲᠦᠷᠢᠮ ᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠮᠥᠩᠭᠦ ᠶᠢᠨ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢᠨ ᠦᠢᠯᠡᠳᠦᠯ ᠢ ᠨᠢ ᠦᠨᠡᠨ ᠬᠦ ᠪᠠᠳᠠᠷᠠᠭᠤᠯᠬᠤ ᠬᠡᠷᠡᠭᠲᠡᠶ ᠭᠡᠵᠡᠢ᠃ | ᠬᠠᠶᠢᠷᠤᠪ ᠤᠨ ᠲᠤᠬᠤᠢ ᠲᠣᠭᠤᠷᠢᠭ ᠤᠨ ᠰᠢᠨ ᠲᠢᠶᠠᠨ ᠳ᠋ᠢ ᠰᠠᠭᠤᠭᠠᠯᠢ ᠲᠤᠭᠤᠷᠢᠭ ᠤᠨ ᠭᠤᠷᠪᠠᠳᠤᠭᠠᠷ | ᠬᠤᠭᠤᠴᠠᠭ᠎ᠠ᠂ ᠪᠢ ᠬᠦᠢ ᠶᠤᠸᠠᠨ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭ᠎ᠠ ᠪᠣᠯᠤᠨ ᠦᠬᠠᠢ ᠶᠢᠨ | ᠴᠠᠬᠢᠯᠭᠠᠨ ᠬᠠᠩᠭᠠᠬᠤ ᠺᠣᠮᠫᠠᠨᠢ ᠶᠢᠨ ᠦᠢᠯᠡᠳᠪᠦᠷᠢᠯᠡᠯ ᠤᠨ ᠲᠤᠬᠢᠷᠠᠭᠤᠯᠭ᠎ᠠ ᠶᠢᠨ ᠠᠰᠠᠷ ᠤᠨ ᠲᠦᠷᠦᠯ ᠵᠦᠢᠯ ᠤᠨ | ᠲᠤᠬᠠᠢ ᠶᠢᠨ ᠲᠠᠯᠠᠪᠠᠢ ᠳᠤ᠂ ᠵᠧᠦ ᠶᠢᠨ ᠰᠢᠩ ᠬᠥᠯᠥᠰᠥᠨ ᠠᠵᠢᠯᠴᠢᠨ ᠤ ᠴᠠᠯᠢᠩ ᠢ ᠲᠦᠭᠡᠭᠡᠬᠦ᠂ ᠲᠦᠷᠦᠯ ᠵᠦᠢᠯ ᠤᠨ | ᠠᠬᠢᠴᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠢ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠴᠠᠯᠢᠩ ᠥᠷᠢᠲᠦᠬᠦ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠮᠠᠭᠤ | ᠰᠠᠨᠠᠭ᠎ᠠ ᠲᠠᠢ ᠪᠠᠷ ᠴᠠᠯᠢᠩ ᠦᠷᠢᠳᠦᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ | ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ | ᠰᠡᠷᠭᠡᠶᠢᠯᠡᠬᠦ ᠬᠡᠷᠡᠭᠲᠡᠢ ᠭᠡᠵᠡᠢ᠃ |