ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/5
     6 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠶᠢᠨ ᠰᠢᠩ ᠬᠤᠷᠠᠯ ᠡᠷᠭᠢᠯᠡᠭᠰᠡᠨ ᠪᠦᠭᠡᠳ ᠰᠠᠬᠢᠯᠭ᠎ᠠ ᠪᠠᠲᠤ ᠣᠪᠣᠷ ᠰᠤᠷᠲᠠᠯ ᠤᠨ ᠲᠤᠬᠠᠢ ᠨᠠᠮ ᠤᠨ ᠬᠢᠴᠢᠶᠡᠯ ᠣᠷᠣᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠬᠢᠨᠠᠨ ᠵᠢᠯᠣᠭᠤᠳᠬᠤ

ᠳᠤᠭᠤᠶᠢᠯᠠᠩ ᠤᠨ ᠳᠠᠷᠤᠭ᠎ᠠ ᠵᠠᠩ ᠳ᠋ᠢᠶᠠᠨ ᠱᠧᠩ ᠵᠢᠴᠢ ᠪᠦᠷᠢᠯᠳᠦᠬᠦᠨ᠂ ᠬᠤᠲᠠ ᠶᠢᠨ ᠨᠠᠮ ᠤᠨ ᠬᠤᠷᠢᠶᠠᠨ ᠤ ᠳᠡᠳ᠋

ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ

ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂

ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ

ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃

     ᠬᠤᠷᠠᠯ ᠳᠡᠭᠡᠷ᠎ᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ

ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃

     ᠵᠧᠦ ᠶᠢᠨ ᠰᠢᠩ ᠬᠡᠯᠡᠭᠰᠡᠨ ᠨᠢ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠢᠯ ᠤᠨ ᠴᠢᠬᠤᠯᠠ

ᠴᠢᠨᠠᠷ ᠪᠣᠯᠤᠨ ᠪᠣᠳᠠᠲᠤ ᠲᠤᠯᠭᠠᠮ ᠴᠢᠨᠠᠷ ᠢ ᠭᠦᠢᠴᠡᠳ ᠲᠠᠨᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ

ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ

ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠭᠤᠣᠯ

ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠡᠷᠡᠭ ᠢᠶᠠᠷ ᠲᠤᠯᠢ ᠪᠣᠯᠭᠠᠬᠤ᠂

ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠭᠡᠰᠢᠭᠦᠨ

ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠦᠵᠡᠯᠲᠡ ᠪᠣᠯᠤᠨ

ᠶᠣᠰᠣ ᠲᠦᠷᠢᠮ ᠤᠨ ᠤᠬᠠᠮᠰᠠᠷ ᠢ ᠨᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ

ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠢ ᠨᠢ ᠶᠡᠬᠡᠪᠡᠷ

ᠬᠤᠪᠢᠷᠠᠭᠤᠯᠵᠤ ᠶᠡᠬᠡᠪᠡᠷ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ

ᠰᠡᠳᠬᠢᠯ ᠢ ᠨᠢ ᠨᠢᠭᠲᠠᠷᠠᠭᠤᠯᠵᠤ ᠰᠦᠭ ᠰᠦᠨᠡᠰᠦ ᠶᠢ ᠨᠢ ᠱᠤᠭᠤᠬᠤ ᠶᠢ ᠪᠠᠷᠢᠮᠲᠠᠯᠠᠵᠤ᠂ ᠦᠨᠡᠨᠬᠦ ᠰᠤᠷᠤᠯᠴᠠᠵᠤ

ᠦᠨᠡᠨᠬᠦ ᠢᠲᠡᠭᠡᠵᠦ᠂ ᠦᠨᠡᠨᠬᠦ ᠣᠶᠢᠯᠠᠭᠠᠵᠤ ᠦᠨᠡᠨᠬᠦ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ᠵᠣᠷᠢᠯᠲᠠ ᠶᠢᠨ

ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠤᠯᠠᠨ ᠲᠦᠮᠡᠨ ᠤ ᠬᠠᠯᠠᠭᠤᠨ ᠬᠦᠰᠡᠯ ᠡᠷᠡᠮᠡᠯᠵᠡᠯ ᠳᠤ

ᠰᠠᠶᠢᠲᠤᠷ ᠬᠠᠷᠢᠭᠤᠯᠲᠠ ᠥᠭᠴᠦ᠂ ᠤᠯᠠᠨ ᠲᠦᠮᠡᠨ ᠤ ᠳᠡᠷᠭᠡᠳᠡᠬᠢ ︽ᠪᠠᠭ᠎ᠠ ᠶᠠᠪᠤᠳᠠᠯ︾ ᠢ ᠰᠠᠶᠢᠲᠤᠷ ᠰᠢᠢᠳᠪᠦᠷᠢᠯᠡᠵᠦ᠂

ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ᠃ ᠵᠣᠷᠢᠭᠲᠠᠶ ᠪᠠᠷ

ᠬᠠᠷᠢᠭᠤᠴᠠᠯᠭ᠎ᠠ ᠡᠭᠦᠷᠭᠡᠯᠡᠨ ᠴᠢᠳᠠᠮᠠᠭᠠᠶ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ︽ᠤᠳᠠᠭᠠᠨ ᠪᠦᠳᠦᠭᠦᠯᠢᠭ ᠬᠡᠶᠢᠰᠪᠦᠷᠢ︾

ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠦᠷ᠎ᠡ ᠪᠦᠲᠦᠭᠡᠯ ᠤᠨ ᠤᠬᠠᠮᠰᠠᠷ᠂ ᠬᠠᠭᠤᠳᠠᠰᠤ ᠲᠤᠰᠢᠶᠠᠬᠤ

ᠤᠬᠠᠮᠰᠠᠷ ᠢᠶᠠᠨ ᠴᠢᠩᠭᠠᠳᠬᠠᠵᠤ᠂ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠬᠦᠴᠦᠷᠭᠡᠭ ᠣᠳᠣᠬᠢᠴᠢᠯᠠᠭᠰᠠᠨ

ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠪᠠᠭ᠎ᠠ ᠮᠥᠷᠲᠡᠭᠡᠨ ᠭᠤᠶᠤ᠂ ᠪᠠᠭ᠎ᠠ ᠮᠥᠷᠲᠡᠭᠡᠨ ᠰᠢᠯᠢᠳᠡᠭ ᠰᠣᠳᠣᠨ

ᠬᠤᠲᠠ ᠶᠢ ᠪᠠᠶᠢᠭᠤᠯᠵᠤ᠂ ᠴᠢᠨᠠᠷ ᠰᠠᠶᠢᠲᠠᠶ ᠪᠠᠷ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠦᠷᠭᠡᠳᠬᠡᠨ

ᠠᠬᠢᠭᠤᠯᠬᠤ ᠬᠡᠷᠡᠭᠲᠡᠶ᠃ ᠢᠮᠠᠭᠲᠠ ᠠᠷᠢᠭᠤᠨ ᠴᠢᠬᠡᠴᠢ ᠪᠠᠶᠢᠬᠤ ᠶᠢ ᠪᠠᠲᠤᠯᠠᠵᠤ᠂ ᠶᠠᠪᠤᠯᠴᠠᠭᠠᠨ ᠤ ᠬᠦᠷᠢᠶ᠎ᠡ᠂

ᠠᠮᠢᠳᠤᠷᠠᠯ ᠤᠨ ᠬᠦᠷᠢᠶ᠎ᠡ᠂ ᠲᠦᠷᠦᠯ ᠰᠠᠳᠤᠨ ᠨᠠᠶᠢᠵᠠ ᠨᠥᠬᠦᠳ ᠤᠨ ᠬᠦᠷᠢᠶ᠎ᠡ ᠪᠠᠨ ᠲᠠᠰᠤᠷᠠᠯᠳᠠ ᠦᠭᠡᠢ

ᠴᠡᠪᠡᠷᠰᠢᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ

ᠠᠬᠢᠭᠤᠯᠵᠤ᠂ ᠨᠢᠭᠡ ᠴᠤᠬᠴᠠᠵᠢᠭᠤᠯᠤᠨ ᠰᠤᠷᠤᠯᠴᠠᠬᠤ ᠪᠠᠶᠢᠴᠠᠭᠠᠬᠤ ᠰᠠᠶᠢᠵᠢᠷᠠᠭᠤᠯᠬᠤ ᠶᠢ ᠠᠬᠢᠭᠤᠯᠬᠤ ᠳᠡᠭᠡᠷ᠎ᠡ

ᠬᠦᠴᠦ ᠲᠠᠯᠪᠢᠵᠤ᠂ ᠪᠣᠭᠤᠮᠲᠠ ᠰᠢᠪᠲᠤᠯᠵᠤ ᠠᠷᠭᠠᠴᠠᠭᠠᠬᠤ᠂ ᠪᠠᠷᠰ ᠤᠨ ᠲᠣᠯᠣᠭᠠᠢ ᠪᠠᠷ ᠡᠭᠢᠯᠡᠵᠦ ᠮᠤᠭᠠᠢ ᠶᠢᠨ ᠰᠡᠭᠦᠯ

 ᠢᠶᠠᠷ ᠲᠡᠭᠦᠰᠬᠡᠬᠦ ᠶᠢ ᠡᠷᠡᠰ ᠬᠤᠷᠢᠭᠯᠠᠵᠤ᠂ ᠰᠣᠷᠬᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂

ᠰᠠᠶᠢᠵᠢᠷᠠᠭᠤᠯᠬᠤ ᠳᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃

     ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号